11 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ 2024 ᠣᠨ ᠤ 12 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠶᠠᠩ | ᠧᠨ ᠵᠧᠨ᠂ ᠲᠦᠩ ᠭᠦᠸᠧ ᠪᠢᠶᠤᠤ᠂ ᠯᠢ ᠶᠠᠨ ᠬᠤᠸᠠ᠂ ᠸᠠᠩ ᠶᠢᠨ ᠴᠢᠶᠠᠩ᠂ ᠯᠢ ᠸᠧᠶ ᠮᠢᠩ᠂ ᠱᠤᠸᠠᠩ ᠵᠦ᠂ | ᠲᠤᠤ ᠵᠧᠩ ᠯᠢᠶᠠᠩ᠂ ᠰᠦᠨ ᠵᠢᠶᠠᠨ ᠸᠧᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠰᠢᠶᠤᠤ ᠶᠠᠨ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠷᠢᠨᠵᠢᠷᠭᠠᠯ ᠬᠤᠷᠠᠯ ᠳᠤ ᠰᠤᠯᠠ | ᠣᠷᠣᠯᠴᠠᠵᠠᠶ᠃ | | ᠬᠤᠷᠠᠯ ᠠᠴᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ᠂ ᠦᠨᠳᠦᠰᠦᠲᠡᠨ ᠤ ᠠᠵᠢᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠶᠢᠩᠭᠤ ᠶᠢᠨ ᠲᠡᠮᠡᠴᠡᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ | ᠪᠠᠲᠤᠯᠠᠵᠤ᠂ ᠠᠵᠢᠯ ᠲᠦᠷᠦᠯ ᠤᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠤ ᠡᠬᠦᠰᠬᠦ ᠬᠥᠷᠥᠰᠥ ᠰᠢᠷᠣᠢ ᠶᠢ ᠡᠷᠡᠰ ᠠᠷᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠ | ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠴᠢᠷ | ᠲᠦᠪᠡᠭᠲᠡᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠰᠢᠪᠳᠤᠯᠤᠯᠳᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠪᠦᠬᠦ | ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠬᠦ ᠬᠡᠷᠡᠭᠲᠡᠢ | ᠃ ᠦᠨᠳᠦᠰᠦᠲᠡᠨ ᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠷᠭᠦᠯᠵᠢᠯᠡᠨ ᠳᠠᠷᠤᠯᠲᠠ ᠪᠠ ᠬᠦᠴᠦ ᠨᠡᠮᠡᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠲᠠᠰᠤᠷᠠᠯᠲᠠ | ᠦᠭᠡᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ | ᠭᠡᠵᠤ ᠴᠢᠬᠤᠯᠠᠴᠢᠯᠠᠪᠠ᠃ | ᠬᠤᠷᠠᠯ ᠠᠴᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠡᠨᠡᠳᠲᠡ ᠡᠭᠦᠰᠬᠦ ᠭᠠᠵᠠᠷ ᠰᠢᠨᠵᠢᠯᠡᠭᠡ | ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ | ᠬᠢᠨᠠᠨ ᠵᠥᠪᠯᠡᠵᠦ ᠪᠠᠲᠤᠯᠠᠨ᠂ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠭᠠᠵᠠᠷ | ᠰᠢᠨᠵᠢᠯᠡᠭᠡ ᠶᠢᠨ ᠭᠠᠶ ᠭᠠᠮᠰᠢᠭ ᠢ ᠰᠡᠷᠭᠡᠶᠢᠯᠡᠨ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠭᠠᠵᠠᠷ ᠰᠢᠨᠵᠢᠯᠡᠭᠡ ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ | ᠬᠦᠴᠦᠲᠡᠶ ᠪᠥᠭᠡᠳ ᠡᠮᠬᠢ ᠵᠢᠷᠤᠮ ᠲᠠᠢ ᠪᠦᠲᠦᠮᠵᠢᠲᠡᠶ ᠰᠠᠶᠢᠲᠤᠷ ᠬᠢᠵᠦ᠂ ᠭᠠᠵᠠᠷ ᠰᠢᠨᠵᠢᠯᠡᠭᠡ ᠶᠢᠨ ᠭᠠᠶ | ᠭᠠᠮᠰᠢᠭ ᠠᠴᠠ ᠪᠣᠯᠤᠭᠰᠠᠨ ᠬᠥᠮᠦᠰ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠬᠤᠷᠢᠭᠯᠠᠬᠤ ᠪᠠ ᠪᠠᠭᠠᠰᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |