11 ᠰᠠᠷ᠎ᠠ ᠶᠢᠨ 13 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ | ᠬᠠᠮᠤᠭ ᠤᠨ ᠰᠢᠨ᠎ᠡ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠨ᠂ ᠮᠠᠨ ᠤ ᠬᠤᠰᠢᠭᠤᠨ ᠤ ᠬᠠᠮᠢᠶ᠎ᠠ ᠪᠦᠬᠦᠢ | ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ ᠲᠣᠬᠢᠷᠠᠭᠤᠯᠪᠠ᠃ ᠬᠤᠰᠢᠭᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠸᠧᠨ | ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠶᠢᠨ | ᠴᠢᠶᠠᠩ ᠬᠤᠷᠠᠯ ᠡᠷᠭᠢᠯᠡᠪᠡ᠃ | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠤᠷᠳᠤ ᠬᠤᠭᠤᠴᠠᠭᠠᠲᠤ | ᠴᠢᠨᠠᠷ᠂ ᠬᠦᠴᠢᠷ ᠪᠡᠷᠬᠡᠰᠢᠶᠡᠯᠲᠦ ᠴᠢᠨᠠᠷ ᠢ ᠭᠦᠢᠴᠡᠳ ᠲᠠᠨᠢᠵᠤ᠂ ᠡᠨᠡᠬᠦ ᠠᠵᠢᠯ ᠢ ᠢᠮᠠᠭᠲᠠ ᠰᠡᠳᠬᠢᠯ ᠳᠡᠭᠡᠨ | ᠪᠤᠳᠤᠵᠤ᠂ ᠭᠠᠷ ᠲᠠᠭᠠᠨ ᠠᠳᠬᠤᠵᠤ᠂ ᠳᠠᠶᠢᠨ ᠠᠴᠠ ᠬᠠᠯᠠᠰᠢᠷᠠᠬᠤ ᠪᠤᠳᠤᠯ᠂ ︽ᠠᠯᠵᠠᠭᠤᠷᠠᠬᠤ︾ ᠦᠵᠡᠯ ᠰᠠᠨᠠᠭ᠎ᠠ | ᠪᠣᠯᠣᠨ ᠬᠤᠶᠢᠷᠭᠤ ᠠᠵᠢᠯᠯᠠᠭ᠎ᠠ ᠶᠢ ᠡᠷᠡᠰ ᠲᠡᠪᠴᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠤᠯᠠᠨ | ᠲᠦᠮᠡᠨ ᠤ ᠪᠣᠳᠠᠲᠠᠢ ᠬᠡᠷᠡᠭᠴᠡᠭᠡ ᠪᠣᠯᠣᠨ ᠤᠯᠤᠰ ᠤᠨ ᠬᠢᠨᠠᠨ ᠰᠢᠯᠭᠠᠵᠤ ᠦᠨᠡᠯᠡᠬᠦ ᠠᠵᠢᠯ ᠤᠨ ᠭᠤᠣᠯᠳᠠᠯᠭ᠎ᠠ ᠲᠠᠢ | ᠨᠠᠷᠢᠨ ᠬᠢᠨᠠᠮᠠᠭᠠᠢ ᠬᠠᠷᠢᠴᠠᠭᠤᠯᠵᠤ᠂ ᠠᠵᠢᠯ ᠳᠤᠮᠳᠠᠬᠢ ᠳᠤᠲᠠᠭᠤᠳᠠᠯ ᠪᠠᠭᠤᠷᠠᠢ ᠵᠦᠢᠯ ᠢ ᠪᠦᠬᠦ ᠲᠠᠯ᠎ᠠ ᠪᠠᠷ | ᠣᠶᠢᠯᠠᠭᠠᠬᠤ ᠪᠠ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠲᠡᠰ | ᠳᠡᠪᠰᠢᠭᠦᠯᠬᠦ ᠶᠢ ᠠᠬᠢᠭᠤᠯᠵᠤ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠳᠠᠰᠤᠷᠠᠯᠳᠠ ᠦᠭᠡᠢ ᠲᠡᠰ | ᠳᠠᠷᠠᠭᠠᠯᠠᠯ ᠲᠠᠢ ᠪᠠᠶᠢᠬᠤ᠂ ᠠᠷᠭ᠎ᠠ ᠬᠡᠮᠵᠢᠶ᠎ᠡ ᠳᠤᠲᠠᠭᠤᠳᠠᠯ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ | ᠨᠢ ᠠᠰᠠᠭᠤᠬᠤ ᠶᠢ ᠴᠢᠩᠳᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠬᠡᠯᠪᠡᠷᠢᠴᠢ | ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠬᠢᠨᠠᠨ ᠰᠢᠯᠭᠠᠵᠤ ᠦᠨᠡᠯᠡᠨ | ᠵᠢᠱᠢᠬᠦ᠂ ᠬᠠᠷᠢᠭᠤᠴᠠᠯᠭ᠎ᠠ ᠠᠰᠠᠭᠤᠵᠤ ᠬᠠᠷᠢᠭᠤᠴᠠᠯᠭ᠎ᠠ ᠨᠡᠬᠡᠮᠵᠢᠯᠡᠬᠦ ᠪᠠ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ | ᠵᠢᠱᠢᠶ᠎ᠡ ᠶᠢ ᠨᠡᠶᠢᠲᠡᠯᠡᠨ ᠢᠯᠡᠴᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠩ ᠴᠢᠩᠭ᠎ᠠ ᠬᠡᠷᠡᠭᠵᠢᠭᠦᠯᠬᠦ | ᠬᠦᠴᠦᠨ ᠢᠶᠠᠷ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠲᠤᠶᠢᠯᠪᠤᠷᠢᠲᠠᠢ ᠰᠢᠢᠳᠪᠦᠷᠢᠯᠡᠬᠦ ᠶᠢ | ᠠᠬᠢᠭᠤᠯᠵᠤ᠂ ᠪᠦᠲᠦᠮᠵᠢᠲᠡᠶ ᠵᠣᠯᠭᠠᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | | | |