11 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠭᠦᠸᠧ ᠲᠢᠶᠠᠨ ᠪᠦᠦ ᠱᠧᠨᠵᠧᠨ ᠤ ᠠᠭᠠᠷ ᠤᠨ ᠠᠶᠠᠯᠠᠯ ᠤᠨ ᠡᠨᠧᠷᠭᠢ ᠶᠢᠨ ᠤᠰᠤᠲᠥ᠋ᠷᠥᠭᠴᠢ | ᠠᠯᠺᠣᠣᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠨᠢᠭᠡᠳᠦᠭᠡᠷ ᠨᠡᠭᠦᠷᠡᠰᠦᠲᠥ᠋ᠷᠥᠭᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︵ᠳ᠋ᠠᠯᠢᠶᠠᠨ︶ | ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠶᠠᠩᠭᠠᠩ ᠡᠨᠧᠷᠭᠢ ᠶᠢᠨ ︵ᠱᠠᠩᠬᠠᠢ︶ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠭᠦᠸᠧ ᠬᠤᠸᠠ ᠡᠨᠧᠷᠭᠢ ᠶᠢᠨ | ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠮᠧᠩ ᠳ᠋ᠦᠩ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ | ᠬᠢᠮᠢ ᠶᠢᠨ ᠢᠨᠵᠧᠨᠧᠷᠢᠩ ᠤᠨ ᠬᠤᠸᠠ ᠯᠦ ᠵᠢᠷᠤᠭ ᠲᠥᠯᠥᠪᠯᠡᠭᠡᠨ ᠤ ᠬᠦᠷᠢᠶᠡᠯᠡᠩ ᠵᠡᠷᠭᠡ ᠣᠯᠠᠨ ᠠᠵᠤ | ᠠᠬᠤᠶᠢᠯᠠᠯ ᠲᠠᠢ ᠵᠣᠯᠭᠠᠭᠤᠯᠤᠨ ᠵᠥᠪᠳᠡᠯᠴᠡᠪᠡ᠃ ᠭᠤᠣᠯᠳᠠᠭᠤ ᠥᠩᠭᠡ ᠦᠵᠡᠮᠵᠢ ᠪᠠᠷ ᠤᠰᠤᠲᠥ᠋ᠷᠥᠭᠴᠢ ᠦᠢᠯᠡᠳᠬᠦ | ᠪᠣᠬᠢᠷᠲᠤᠯ ᠦᠭᠡᠢ ᠮᠧᠲ᠋ᠢᠯ ᠠᠯᠺᠣᠣᠯ ᠦᠢᠯᠡᠳᠬᠦ ᠲᠥᠷᠥᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ | ᠰᠣᠯᠢᠯᠴᠠᠵᠤ᠂ ᠬᠠᠮᠲᠤᠷᠠᠯᠴᠠᠭᠠᠨ ᠤ ᠨᠠᠷᠢᠨ ᠵᠦᠢᠯᠡᠰ ᠢ ᠵᠥᠪᠳᠡᠯᠴᠡᠬᠦ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠣ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ | | |