ᠨᠡᠶᠢᠲᠡᠯᠡᠭᠰᠡᠨ ᠴᠠᠭ᠄ 2024/11/13 | | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠥᠭᠦᠯᠡᠯᠲᠡ ᠶᠢᠨ | ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ | ᠪᠦᠭᠦ ᠤᠯᠤᠰ ᠲᠤ ᠲᠠᠷᠬᠠᠭᠠᠪᠠ᠃ | ᠡᠬᠡ ᠪᠠᠶᠢᠭᠠᠯᠢ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ ᠶᠢᠨ ᠦᠨᠳᠦᠰᠦᠨ ᠨᠥᠬᠦᠴᠡᠯ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶ᠎ᠠ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠥᠨᠳᠥᠷᠴᠡ ᠠᠴᠠ | ᠬᠥᠭᠵᠢᠯᠲᠡ ᠶᠢ ᠰᠦᠪᠡᠭᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ | ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠪᠠᠷ ᠤᠷᠢᠲᠠᠯ ᠪᠠ ᠰᠠᠭᠤᠷᠢ ᠪᠤᠯᠭᠠᠬᠤ ᠶᠢ ᠪᠠᠷᠢᠮᠲᠠᠯᠠᠵᠤ᠂ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠭᠤᠯᠠ | ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ | ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠵᠤ᠂ ᠡᠬᠢ | ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ | ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠪᠦᠷᠢᠯᠳᠦᠬᠦ ᠶᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠥᠷᠭᠡᠨ ᠠᠭᠤᠳᠠᠮ | ᠠᠯᠤᠰ ᠢᠷᠡᠭᠡᠳᠦᠢ ᠶᠢ ᠨᠡᠭᠡᠭᠡᠪᠡ᠃ ᠰᠢ ᠶᠢᠨ ᠫᠢᠩ ᠨᠥᠬᠦᠷ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ | ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠤᠳᠬ᠎ᠠ ᠰᠠᠨᠠᠭ᠎ᠠ ᠠᠯᠤᠰ ᠭᠡᠲᠦ ᠶᠢᠨ᠂ | ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢᠨ | ᠬᠠᠷᠢᠯᠴᠠᠨ ᠵᠣᠬᠢᠴᠠᠯᠳᠤᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠯ ᠤᠨ | ᠡᠷᠬᠡ ᠶᠢᠨ ᠳᠦᠷᠢᠮ ᠪᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠥᠨᠳᠥᠷ ᠲᠦᠪᠰᠢᠨ ᠢᠶᠠᠷ ᠬᠠᠮᠠᠭᠠᠯᠠᠨ ᠲᠤᠯᠭᠠᠭᠤᠷᠢᠯᠠᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ︽ᠥᠭᠦᠯᠡᠯᠲᠡ ᠶᠢᠨ ᠲᠡᠭᠦᠪᠦᠷᠢ︾ ᠨᠢ 8 ᠲᠤᠰᠬᠠᠢ ᠰᠡᠳᠦᠪ ᠬᠤᠪᠢᠶᠠᠵᠤ᠂ ᠨᠡᠶᠢᠳᠡ 286 ᠬᠡᠰᠡᠭ ᠥᠭᠦᠯᠡᠯᠲᠡ ᠪᠠᠷ | ᠪᠦᠷᠢᠯᠳᠦᠵᠦ᠂ ᠰᠢ ᠶᠢᠨ ᠫᠢᠩ ᠨᠥᠬᠦᠷ ᠤᠨ 2012 ᠣᠨ ᠤ 12 ᠰᠠᠷ᠎ᠠ ᠠᠴᠠ 2024 ᠣᠨ ᠤ 10 ᠰᠠᠷ᠎ᠠ | ᠪᠤᠯᠲᠠᠯᠠᠭᠢ ᠬᠤᠭᠤᠴᠠᠭᠠᠨ ᠤ ᠮᠡᠳᠡᠭᠦᠯᠦᠯᠲᠡ᠂ ᠶᠠᠷᠢᠶ᠎ᠠ᠂ ᠲᠣᠳᠣᠷᠬᠠᠶᠢᠯᠠᠯᠲᠠ᠂ ᠪᠠᠶᠠᠷ ᠤᠨ ᠵᠠᠬᠢᠳᠠᠯ᠂ ᠵᠢᠭᠠᠪᠤᠷᠢ ᠵᠡᠷᠭᠡ | 150 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ | ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | | | |