ᠰᠢ ᠶᠢᠨ ᠫᠢᠩ ᠭᠤᠸᠠᠩᠳᠦ᠋ᠩ ᠤᠨ ᠵᠦᠬᠠᠢ ᠬᠤᠲᠠ ᠶᠢᠨ ᠲᠡᠷᠭᠡ ᠵᠢᠯᠣᠭᠤᠳᠤᠨ ᠶᠠᠪᠠᠭᠠᠨ ᠬᠥᠮᠥᠨ ᠢ ᠳᠠᠭᠠᠷᠢᠭᠰᠠᠨ ᠬᠡᠷᠡᠭ ᠲᠤ ᠴᠢᠬᠤᠯᠠ ᠵᠢᠭᠠᠪᠤᠷᠢ ᠥᠭᠴᠦ  ᠴᠢᠬᠤᠯᠠᠴᠢᠯᠠᠭᠰᠠᠨ ᠨᠢ  ᠰᠢᠷᠬᠠᠲᠤᠭᠰᠠᠳ ᠢ ᠪᠥᠬᠦ ᠬᠦᠴᠦ ᠪᠠᠷ ᠢᠶᠠᠨ ᠠᠪᠤᠷᠠᠨ ᠡᠮᠨᠡᠵᠦ ᠶᠠᠷᠭᠠᠴᠢᠨ ᠢ ᠬᠠᠤᠯᠢ ᠶᠣᠰᠣᠭᠠᠷ ᠴᠢᠩᠭ᠎ᠠ ᠰᠢᠢᠳᠬᠡᠵᠦ ᠠᠶᠤᠯ  ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠬᠡᠲᠦᠷᠡᠮᠡᠬᠡᠢ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/11/14
                             ᠨᠡᠶᠢᠲᠡᠯᠡᠭᠰᠡᠨ ᠴᠠᠭ᠄ 2024/11/13         ᠯᠢ ᠴᠢᠶᠠᠩ ᠴᠣᠬᠤᠯᠠᠪᠤᠷᠢ ᠥᠭᠴᠡᠢ         ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 12 ᠤᠨ ᠴᠠᠬᠢᠯᠭᠠᠨ ᠮᠡᠳᠡᠭᠡ  11 ᠰᠠᠷ᠎ᠠ ᠶᠢᠨ 11 ᠤ ᠣᠷᠣᠢ᠂ ᠭᠤᠸᠠᠩᠳᠦ᠋ᠩ ᠤᠨ ᠵᠦᠬᠠᠢ  ᠬᠤᠲᠠ ᠶᠢᠨ ᠰᠢᠶᠠᠩ ᠵᠧᠦ ᠲᠣᠭᠤᠷᠢᠭ ᠤᠨ ᠪᠡᠶ᠎ᠡ ᠶᠢᠨ ᠲᠠᠮᠢᠷ ᠤᠨ ᠲᠥᠪ ᠲᠤ ᠲᠡᠷᠭᠡ ᠵᠢᠯᠣᠭᠤᠳᠤᠨ ᠶᠠᠪᠠᠭᠠᠨ ᠬᠥᠮᠥᠨ ᠢ ᠳᠠᠭᠠᠷᠢᠭᠰᠠᠨ ᠬᠡᠷᠡᠭ ᠭᠠᠷᠴᠤ᠂ ᠣᠳᠣ  ᠪᠣᠯᠲᠠᠯ᠎ᠠ 35 ᠬᠥᠮᠥᠨ ᠠᠳᠡᠵᠦ᠂ 43 ᠬᠥᠮᠥᠨ ᠬᠦᠨᠳᠦ ᠰᠢᠷᠬᠠᠲᠤᠵᠠᠢ᠃        ᠬᠡᠷᠡᠭ ᠭᠠᠷᠤᠭᠰᠠᠨ ᠤ ᠳᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠴᠢᠬᠤᠯᠠ ᠵᠢᠭᠠᠪᠤᠷᠢ ᠥᠭᠴᠦ᠂  ᠭᠤᠸᠠᠩᠳᠦ᠋ᠩ ᠮᠤᠵᠢ ᠶᠢᠨ ᠵᠦᠬᠠᠢ ᠬᠤᠲᠠ ᠶᠢᠨ ᠰᠢᠶᠠᠩ ᠵᠧᠦ ᠲᠣᠭᠤᠷᠢᠭ ᠤᠨ ᠪᠡᠶ᠎ᠡ ᠶᠢᠨ ᠲᠠᠮᠢᠷ ᠤᠨ ᠲᠥᠪ ᠲᠤ ᠲᠡᠷᠭᠡ ᠵᠢᠯᠣᠭᠤᠳᠤᠨ ᠶᠠᠪᠠᠭᠠᠨ ᠬᠥᠮᠥᠨ ᠢ  ᠳᠠᠭᠠᠷᠢᠭᠰᠠᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠶᠡᠭᠡ ᠠᠳᠡᠵᠦ ᠰᠢᠷᠬᠠᠲᠤᠵᠤ᠂ ᠰᠢᠨᠵᠢ ᠴᠢᠨᠠᠷ ᠨᠢ ᠲᠤᠶᠢᠯ ᠤᠨ ᠮᠠᠭᠤ ᠪᠠᠶᠢᠨ᠎ᠠ᠃ ᠰᠢᠷᠬᠠᠲᠤᠭᠰᠠᠳ ᠢ ᠪᠥᠬᠦ  ᠬᠦᠴᠦ ᠪᠠᠷ ᠢᠶᠠᠨ ᠠᠪᠤᠷᠠᠨ ᠡᠮᠨᠡᠵᠦ᠂ ᠠᠳᠡᠵᠦ ᠰᠢᠷᠬᠠᠲᠤᠭᠰᠠᠳ ᠵᠢᠴᠢ ᠲᠡᠳᠡᠨ ᠤ ᠭᠡᠷ ᠪᠦᠯᠢ ᠶᠢᠨ ᠬᠢᠨ ᠢ ᠲᠣᠬᠤᠨᠢᠭᠤᠯᠬᠤ ᠬᠤᠶᠢᠲᠤᠬᠢ ᠠᠵᠢᠯ ᠢ ᠨᠢᠮᠪᠠᠢ  ᠰᠠᠶᠢᠲᠤᠷ ᠬᠢᠬᠦ ᠬᠡᠷᠡᠭᠲᠡᠢ᠃ ᠶᠠᠷᠭᠠᠴᠢᠨ ᠢ ᠬᠠᠤᠯᠢ ᠶᠣᠰᠣᠭᠠᠷ ᠴᠢᠩᠭ᠎ᠠ ᠰᠢᠢᠳᠬᠡᠬᠦ ᠬᠡᠷᠡᠭᠲᠡᠢ᠃ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ  ᠮᠥᠴᠢᠷ ᠤᠨ  ᠬᠢᠨ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ  ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠡᠲᠦᠷᠡᠮᠡᠬᠡᠢ ᠬᠡᠷᠡᠭ ᠡᠭᠦᠰᠬᠦ ᠶᠢ ᠴᠢᠩᠭ᠎ᠠ  ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠨᠡᠶᠢᠭᠡᠮ ᠤᠨ    ᠲᠣᠭᠲᠠᠭᠤᠨ   ᠢ     ᠪᠥᠬᠦ    ᠬᠦᠴᠦ ᠪᠠᠷ ᠢᠶᠠᠨ ᠪᠠᠲᠤᠯᠠᠬᠤ ᠬᠡᠷᠡᠭᠲᠡᠢ ᠭᠡᠵᠦ  ᠵᠢᠭᠠᠵᠤ ᠭᠠᠷᠭᠠᠪᠠ᠃         ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ  ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠰᠢᠷᠬᠠᠲᠤᠭᠰᠠᠳ ᠢ ᠪᠥᠬᠦ ᠬᠦᠴᠦ ᠪᠠᠷ ᠢᠶᠠᠨ ᠠᠪᠤᠷᠠᠵᠤ᠂ ᠬᠤᠶᠢᠲᠤᠬᠢ  ᠶᠠᠪᠤᠳᠠᠯ ᠢ ᠲᠣᠬᠢᠲᠠᠢ ᠰᠠᠶᠢᠲᠤᠷ ᠬᠢᠵᠦ᠂ ᠬᠡᠷᠡᠭ ᠤᠨ ᠪᠠᠶᠢᠳᠠᠯ ᠢ ᠲᠦᠷᠭᠡᠬᠡᠨ ᠪᠠᠶᠢᠴᠠᠭᠠᠨ ᠲᠣᠳᠣᠯᠠᠵᠤ᠂ ᠶᠠᠷᠭᠠᠴᠢᠨ ᠢ ᠬᠠᠤᠯᠢ ᠶᠣᠰᠣᠭᠠᠷ ᠴᠢᠩᠭ᠎ᠠ ᠰᠢᠢᠳᠬᠡᠬᠦ  ᠬᠡᠷᠡᠭᠲᠡᠢ᠃ ᠰᠡᠷᠭᠡᠶᠢᠯᠡᠬᠦ ᠪᠠ ᠡᠵᠡᠮᠳᠡᠬᠦ ᠶᠢ ᠤᠶᠠᠯᠳᠤᠭᠤᠯᠵᠤ᠂ ᠠᠶᠤᠯ ᠲᠦᠭᠰᠢᠭᠦᠷᠢ ᠭᠡᠮ ᠰᠣᠭᠤᠭ ᠪᠣᠯᠣᠨ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ  ᠠᠵᠢᠯ ᠢ ᠦᠨᠡᠨ ᠬᠦ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠰᠢ ᠶᠢᠨ ᠫᠢᠩ ᠤᠨ ᠴᠢᠬᠤᠯᠠ ᠵᠢᠭᠠᠪᠤᠷᠢ  ᠶᠢ ᠦᠨᠳᠦᠰᠦᠯᠡᠨ᠂ ᠲᠥᠪ ᠠᠴᠠ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠭᠠᠵᠠᠷ ᠲᠤ  ᠣᠴᠢᠭᠤᠯᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠤᠭᠤᠯᠵᠤ᠂ ᠭᠤᠸᠠᠩᠳᠦ᠋ᠩ ᠮᠤᠵᠢ ᠵᠢᠴᠢ ᠵᠦᠬᠠᠢ ᠬᠤᠲᠠ ᠶᠢᠨ ᠬᠢᠨ ᠰᠢᠷᠬᠠᠲᠤᠭᠰᠠᠳ ᠢ ᠠᠪᠤᠷᠠᠨ ᠡᠮᠨᠡᠬᠦ᠂  ᠬᠡᠷᠡᠭ ᠢ ᠲᠠᠩᠨᠠᠨ ᠰᠢᠢᠳᠪᠦᠷᠢᠯᠡᠬᠦ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃  ᠣᠳᠣᠬᠠᠨ ᠳᠤ ᠡᠯ᠎ᠡ ᠵᠦᠢᠯ ᠤᠨ ᠠᠵᠢᠯ ᠶᠠᠭ ᠶᠠᠪᠤᠭᠳᠠᠵᠤ ᠪᠠᠶᠢᠨ᠎ᠠ᠃        ᠢᠷᠡᠯᠲᠡ᠄  ᠦᠪᠦᠷ ᠮᠣᠩᠭᠤᠯ ᠤᠨ ᠵᠠᠰᠠᠭ ᠤᠨ ᠣᠷᠳᠤᠨ       
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号