| ᠨᠡᠶᠢᠲᠡᠯᠡᠭᠰᠡᠨ ᠴᠠᠭ᠄ 2024/11/18 | | ᠰᠢᠨᠬᠤᠸᠠ ᠬᠤᠷᠢᠶᠠᠨ ᠤ ᠱᠢ ᠵᠢᠶᠠ ᠵᠤᠸᠠᠩ ᠤᠨ 11 ᠳ᠋ᠦ᠋ᠭᠡᠷ ᠰᠠᠷ᠎ᠠ ᠶᠢᠨ 13 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠽᠧᠦ ᠸᠧᠢ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ 11 ᠳ᠋ᠦ᠋ᠭᠡᠷ ᠰᠠᠷ᠎ᠠ ᠶᠢᠨ 13 ᠤ ᠡᠳᠦᠷ ᠾᠧᠪᠸᠢ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠪᠠᠷ᠂ ᠪᠡᠭᠡᠵᠢᠩ | ᠲᠢᠶᠠᠨᠵᠢᠨ ᠾᠧᠪᠸᠢ ᠶᠢ ᠬᠠᠮᠵᠢᠯᠴᠠᠭᠤᠯᠤᠨ ᠬᠥᠭᠵᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠭᠦᠳᠦᠯᠲᠡ ᠪᠠᠷ | ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠪᠠᠷᠢᠮᠲᠠᠯᠠᠵᠤ᠂ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠭᠤᠯᠤᠨ ᠬᠥᠭᠵᠢᠭᠦᠯᠬᠦ ᠶᠢ ᠠᠬᠢᠭᠤᠯᠬᠤ ᠳᠤᠮᠳᠠ | ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |  11 ᠳ᠋ᠦ᠋ᠭᠡᠷ ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠾᠧᠪᠸᠢ ᠳᠤ ᠪᠠᠶᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠪᠠᠢ ᠶᠠᠩ ᠳ᠋ᠢᠶᠠᠨ ᠳᠤ ᠠᠮᠢ ᠠᠬᠤᠢ | ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ ᠶᠢᠨ ᠪᠠᠶᠢᠳᠠᠯ ᠢ ᠨᠠᠷᠢᠯᠢᠭ ᠣᠶᠢᠯᠠᠭᠠᠵᠤ ᠪᠠᠶᠢᠭ᠎ᠠ ᠨᠢ᠃ ︵ ᠰᠢᠨᠬᠤᠸᠠ | ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ︶ | ᠰᠢᠶᠦ᠋ᠩ ᠠᠨ ᠰᠢᠨ᠎ᠡ ᠲᠣᠭᠤᠷᠢᠭ ᠲᠤ᠂ ᠯᠢ ᠴᠢᠶᠠᠩ ᠡᠩ ᠲᠡᠷᠢᠭᠦᠨ ᠳᠤ ᠳᠤᠮᠳᠠᠳᠤ ᠤᠯᠤᠰ ᠤᠨ ᠳᠠᠭᠠᠭᠤᠯᠢ ᠣᠳᠣ | ᠰᠦᠯᠵᠢᠶ᠎ᠡ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ | ᠡᠵᠡᠩᠨᠡᠨ ᠠᠵᠢᠯᠯᠠᠭᠤᠯᠵᠤ ᠪᠠᠶᠢᠭ᠎ᠠ ᠪᠠᠶᠢᠳᠠᠯ᠂ ᠳᠠᠭᠠᠭᠤᠯᠢ ᠤᠳᠤᠨ ᠢᠨᠲ᠋ᠧᠷ ᠰᠦᠯᠵᠢᠶᠡᠨ ᠤ ᠠᠵᠤ ᠦᠢᠯᠡᠰ ᠤᠨ | ᠬᠥᠭᠵᠢᠯᠲᠡ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠳᠠᠭᠠᠭᠤᠯᠢ ᠤᠳᠤᠨ ᠰᠦᠯᠵᠢᠶᠡᠨ ᠤ ᠰᠢᠰᠲ᠋ᠧᠮ ᠤᠨ | ᠠᠵᠢᠯᠯᠠᠭᠠᠨ ᠵᠢᠴᠢ ᠬᠡᠷᠡᠭᠯᠡᠭᠡᠨ ᠤ ᠪᠠᠶᠢᠳᠠᠯ ᠢ ᠪᠠᠶᠢᠴᠠᠭᠠᠨ ᠦᠵᠡᠪᠡ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠠᠵᠤ ᠦᠢᠯᠡᠰ ᠤᠨ ᠲᠥᠪᠯᠡᠷᠡᠯ ᠪᠣᠯ ᠬᠤᠲᠠ ᠶᠢᠨ ᠬᠥᠭᠵᠢᠯᠲᠡ ᠶᠢᠨ | ᠰᠠᠭᠤᠷᠢ ᠮᠥᠨ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠣᠯᠭᠠᠭᠤᠯᠤᠨ ᠠᠪᠬᠤ᠂ ᠰᠢᠨ᠎ᠡ ᠶᠢ ᠡᠭᠦᠳᠬᠦ | ᠬᠦᠴᠦᠨ ᠵᠦᠢᠯ ᠤᠨ ᠡᠬᠢ ᠪᠠᠶᠠᠯᠢᠭ ᠤᠳ ᠢ ᠲᠥᠪᠯᠡᠷᠡᠭᠦᠯᠬᠦ ᠳᠤ ᠠᠰᠢᠭᠲᠠᠢ ᠪᠠᠶᠢᠭᠤᠯᠤᠯ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠪᠡᠯᠭᠡ ᠲᠡᠮᠳᠡᠭ ᠤᠨ ᠴᠢᠨᠠᠷᠲᠠᠢ ᠵᠣᠬᠢᠴᠠᠭᠤᠯᠬᠤ ᠦᠢᠯᠡᠳᠦᠯᠳᠦ ᠲᠦᠷᠦᠯ ᠵᠦᠢᠯ ᠢ | ᠨᠠᠶᠢᠳᠠᠪᠤᠷᠢᠵᠢᠭᠤᠯᠬᠤ ᠪᠠᠨ ᠢᠳᠡᠪᠬᠢᠲᠡᠢ ᠠᠬᠢᠭᠤᠯᠤᠨ᠂ ᠥᠷᠢᠰᠦᠯᠳᠦᠬᠦ ᠬᠦᠴᠦᠨ ᠪᠠ ᠳᠠᠶᠢᠴᠢᠯᠠᠬᠤ ᠬᠦᠴᠦᠨ ᠢᠶᠠᠷ ᠶᠡᠭᠡ | ᠨᠡᠩ ᠤᠯᠠᠨ ᠠᠵᠤ ᠠᠬᠤᠶᠢᠯᠠᠯ ᠤᠳ ᠢ ᠣᠷᠣᠭᠤᠯᠤᠨ ᠠᠪᠴᠢᠷᠠᠵᠤ᠂ ᠨᠡᠩ ᠣᠯᠠᠨ ᠰᠢᠯᠢᠳᠡᠭ ᠴᠢᠳᠠᠪᠤᠷᠢᠲᠠᠳ ᠢ ᠰᠢᠩᠭᠡᠬᠡᠨ | ᠠᠪᠴᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠲᠠᠯᠴᠠᠭ᠎ᠠ ᠶᠢ ᠪᠣᠶᠢᠵᠢᠭᠤᠯᠵᠤ᠂ ᠰᠢᠶᠦ᠋ᠩ ᠠᠨ ᠰᠢᠨ᠎ᠡ | ᠲᠣᠭᠤᠷᠢᠭ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠬᠡᠷᠡᠭᠲᠡᠢ ᠭᠡᠵᠡᠢ᠃ ᠡᠪᠦᠯ ᠤᠨ ᠡᠬᠢᠨ ᠤ ᠪᠠᠢ | ᠶᠠᠩ ᠳ᠋ᠢᠶᠠᠨ ᠨᠠᠭᠤᠷ ᠪᠢᠳᠤᠷᠶ᠎ᠠ ᠨᠣᠮᠢᠨ ᠢᠶᠠᠷ ᠳᠣᠯᠬᠢᠶᠠᠷᠠᠨᠠ᠃ ᠯᠢ ᠴᠢᠶᠠᠩ ᠲᠡᠨᠳᠡ ᠬᠦᠷᠴᠦ᠂ ᠪᠠᠢ ᠶᠠᠩ ᠳ᠋ᠢᠶᠠᠨ ᠤ ᠠᠮᠢ | ᠠᠬᠤᠢ ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠰᠤᠨ ᠤ ᠴᠢᠨᠠᠷ ᠤᠨ | ᠦᠯᠢᠭᠡᠷ ᠡᠳ᠋ ᠢ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠪᠠᠶᠢᠴᠠᠭᠠᠨ ᠦᠵᠡᠵᠦ᠂ ᠪᠠᠢ ᠶᠠᠩ ᠳ᠋ᠢᠶᠠᠨ ᠲᠣᠭᠤᠷᠢᠭ ᠤᠨ | ᠤᠰᠤᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠭᠰᠠᠨ ᠢ ᠮᠠᠭᠲᠠᠨ ᠰᠠᠶᠢᠰᠢᠶᠠᠵᠤ ᠪᠠᠶᠢᠬᠤ | ᠪᠠᠨ ᠢᠯᠡᠳᠬᠡᠪᠡ᠃ | ᠯᠢ ᠴᠢᠶᠠᠩ ᠬᠡᠯᠡᠭᠰᠡᠨ ᠨᠢ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯ ᠰᠢᠶᠦ᠋ᠩ ᠠᠨ ᠰᠢᠨ᠎ᠡ | ᠲᠣᠭᠤᠷᠢᠭ ᠤᠨ ᠴᠢᠬᠤᠯᠠ ᠦᠷᠳᠡᠭ ᠤᠨ ᠢᠯᠡᠷᠡᠯ ᠶᠤᠮ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ | ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠪᠠᠢ ᠶᠠᠩ ᠳ᠋ᠢᠶᠠᠨ ᠵᠢᠴᠢ ᠲᠡᠭᠦᠨ ᠤ ᠳᠡᠭᠡᠳᠦ ᠳᠣᠣᠷᠠᠳᠤ ᠤᠷᠤᠰᠬᠠᠯ ᠢ | ᠬᠠᠮᠵᠢᠯᠴᠠᠭᠤᠯᠤᠨ ᠬᠠᠮᠠᠭᠠᠯᠠᠬᠤ ᠪᠠ ᠠᠮᠢ ᠠᠬᠤᠢ ᠶᠢ ᠪᠦᠬᠦᠯᠢ ᠴᠣᠭᠴᠠ ᠪᠠᠷ ᠨᠢ ᠰᠡᠷᠭᠦᠭᠡᠬᠦ ᠶᠢ ᠠᠬᠢᠭᠤᠯᠤᠨ᠂ | ᠪᠠᠶᠢᠭᠠᠯᠢ ᠶᠢᠨ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠬᠡᠷᠡᠭᠲᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ | ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠬᠤᠳᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠣᠷᠴᠢᠨ ᠨᠥᠭᠦᠴᠡᠯ ᠢ ᠪᠤᠢ ᠪᠣᠯᠭᠠᠨ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ ᠢ ᠢᠳᠡᠪᠬᠢᠲᠡᠢ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ | ᠪᠣᠶᠢᠵᠢᠭᠤᠯᠵᠤ᠂ ᠣᠶᠤᠨᠯᠢᠭ᠂ ᠪᠣᠬᠢᠷᠲᠤᠯ ᠦᠭᠡᠢ᠂ ᠰᠢᠨ᠎ᠡ ᠡᠭᠦᠳᠦᠯᠲᠡ ᠪᠠᠷ ᠰᠢᠶᠦ᠋ᠩ ᠠᠨ ᠰᠢᠨ᠎ᠡ ᠲᠣᠭᠤᠷᠢᠭ ᠤᠨ | ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ ᠴᠣᠭᠴᠠᠯᠠᠬᠤ ᠬᠡᠷᠡᠭᠲᠡᠢ ᠭᠡᠵᠡᠢ᠃ |  11 ᠳ᠋ᠦ᠋ᠭᠡᠷ ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠾᠧᠪᠸᠢ ᠳᠤ ᠪᠠᠶᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠵᠦᠸᠧ ᠵᠸᠦ ᠬᠤᠲᠠ ᠶᠢᠨ ᠰᠢᠶᠣᠣ | ᠴᠢᠩ ᠾᠧ ᠦᠶᠡᠷ ᠢ ᠨᠠᠮᠳᠠᠭᠤᠯᠬᠤ ᠲᠣᠭᠤᠷᠢᠭ ᠤᠨ ᠡᠮᠦᠨ᠎ᠡ ᠪᠡᠶ᠎ᠡ ᠳᠠᠬᠢ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠲᠥᠷᠥᠯ ᠵᠦᠢᠯ ᠤᠨ ᠰᠢᠨ᠎ᠡ ᠠᠬᠢᠴᠠ ᠶᠢ ᠪᠠᠶᠢᠴᠠᠭᠠᠨ ᠦᠵᠡᠵᠦ᠂ ᠾᠧᠪᠧᠢ | ᠮᠤᠵᠢ ᠶᠢᠨ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠤᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠷᠤᠭ ᠲᠥᠯᠥᠪᠯᠡᠭᠡ ᠪᠠᠷᠢᠯᠭ᠎ᠠ ᠶᠢᠨ | ᠠᠵᠢᠯ ᠢ ᠬᠢᠨᠠᠨ ᠬᠠᠮᠢᠶᠠᠷᠬᠤ ᠠᠵᠢᠯᠲᠠᠳ ᠲᠠᠢ ᠶᠠᠷᠢᠯᠴᠠᠵᠤ ᠪᠠᠶᠢᠭ᠎ᠠ ᠨᠢ᠃ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ | ᠷᠣᠣ ᠠᠢ ᠮᠢᠨ ᠰᠡᠭᠦᠳᠡᠷᠯᠡᠪᠡ︶ | ᠪᠦᠦ ᠳ᠋ᠢᠩ ᠳᠤ᠂ ᠯᠢ ᠴᠢᠶᠠᠩ ᠲᠦᠩ ᠭᠤᠸᠠᠩ ᠬᠠᠭᠠᠰ ᠳᠠᠮᠵᠢᠭᠤᠯᠤᠭᠴᠢ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠰᠢᠨ᠎ᠡ ᠡᠭᠦᠳᠦᠯᠲᠡ ᠶᠢᠨ | ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠯᠠᠰᠲᠤ ᠥᠰᠦᠯᠲᠡ ᠶᠢᠨ ᠦᠢᠯᠡᠳᠪᠦᠷᠢ ᠶᠢᠨ ᠲᠠᠰᠤᠭ ᠲᠤ | ᠣᠷᠣᠭᠠᠳ ᠤᠷᠠᠨ ᠲᠠᠷᠬ᠎ᠠ ᠶᠢᠨ ᠶᠠᠪᠤᠴᠠ ᠶᠢ ᠨᠢ ᠣᠶᠢᠯᠠᠭᠠᠨ᠂ ᠬᠠᠮᠢᠶ᠎ᠠ ᠪᠦᠬᠦᠢ ᠮᠡᠷᠭᠡᠵᠢᠯ ᠤᠨ ᠭᠦᠢᠴᠡᠳᠬᠡᠬᠦ ᠲᠤᠭ᠎ᠠ ᠶᠢ | ᠨᠠᠷᠢᠯᠢᠭ ᠯᠠᠪᠯᠠᠨ ᠠᠰᠠᠭᠤᠪᠠ᠃ ᠬᠠᠮᠤᠭ ᠤᠨ ᠰᠢᠨ᠎ᠡ ᠬᠠᠨᠳᠤᠰᠢ ᠶᠢ ᠡᠵᠡᠮᠳᠡᠵᠦ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠦᠨ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠠᠬᠢ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ | ᠥᠷᠢᠰᠦᠯᠳᠦᠭᠡᠨ ᠤ ᠳᠠᠪᠠᠭᠤᠯᠢᠭ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠯᠢ ᠴᠢᠶᠠᠩ ᠲᠣᠰ ᠠᠵᠤ | ᠠᠬᠤᠶᠢᠯᠠᠯ ᠢ ᠵᠣᠷᠢᠭᠵᠢᠭᠤᠯᠪᠠ᠃ ᠯᠢ ᠴᠢᠶᠠᠩ ᠵᠦᠸᠧ ᠵᠸᠦ ᠬᠤᠲᠠ ᠶᠢᠨ ᠰᠢᠶᠣᠣ ᠴᠢᠩ ᠾᠧ ᠦᠶᠡᠷ ᠢ ᠨᠠᠮᠳᠠᠭᠤᠯᠬᠤ | ᠲᠣᠭᠤᠷᠢᠭ ᠤᠨ ᠡᠮᠦᠨ᠎ᠡ ᠪᠡᠶ᠎ᠡ ᠳᠠᠬᠢ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ | ᠲᠠᠯᠠᠪᠠᠢ ᠳᠤ ᠬᠦᠷᠴᠦ᠂ ᠲᠦᠷᠦᠯ ᠵᠦᠢᠯ ᠤᠨ ᠰᠢᠨ᠎ᠡ ᠠᠬᠢᠴᠠ ᠶᠢ ᠪᠠᠶᠢᠴᠠᠭᠠᠨ ᠦᠵᠡᠭᠡᠳ᠂ ᠾᠧᠪᠸᠢ ᠮᠤᠵᠢ ᠶᠢᠨ | ᠭᠠᠮᠰᠢᠭ ᠤᠨ ᠳᠠᠷᠠᠭᠠᠬᠢ ᠲᠠᠬᠢᠨ ᠪᠦᠲᠦᠭᠡᠨ ᠪᠠᠶᠢᠭᠤᠯᠤᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠷᠤᠭ ᠲᠥᠯᠥᠪᠯᠡᠭᠡ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ | ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ | ᠯᠢ ᠴᠢᠶᠠᠩ ᠬᠡᠯᠡᠭᠰᠡᠨ ᠨᠢ᠂ ᠨᠢᠳᠤᠨᠤᠨ ᠾᠧᠪᠸᠢ ᠮᠤᠵᠢ ᠲᠡᠦᠬᠡᠨ ᠳᠤ ᠬᠤᠪᠣᠷ ᠲᠣᠬᠢᠶᠠᠯᠳᠤᠬᠤ ᠣᠨᠴᠠ ᠶᠡᠭᠡ | ᠰᠢᠷᠦᠭᠦᠨ ᠪᠣᠷᠣᠭᠠᠨ ᠪᠠ ᠦᠶᠡᠷ ᠤᠨ ᠭᠠᠮᠰᠢᠭ ᠲᠤ ᠳᠠᠭᠠᠷᠢᠭᠳᠠᠵᠤ᠂ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ | ᠪᠠᠶᠢᠭᠤᠯᠬᠤ ᠴᠠᠭ ᠪᠠᠴᠢᠮ᠂ ᠡᠭᠦᠷᠭᠡ ᠬᠦᠨᠳᠦ ᠪᠠᠶᠢᠪᠠ᠃ ᠭᠡᠷ ᠪᠠᠶᠢᠰᠢᠩ ᠢ ᠲᠠᠬᠢᠨ ᠪᠠᠶᠢᠭᠤᠯᠬᠤ ᠪᠠ ᠰᠡᠯᠪᠢᠨ ᠵᠠᠰᠠᠵᠤ | ᠪᠠᠬᠢᠯᠡᠬᠦ᠂ ᠤᠰᠤᠨ ᠳᠤ ᠠᠪᠲᠠᠭᠳᠠᠭᠰᠠᠨ ᠵᠠᠰᠠᠮᠠᠯ ᠵᠠᠮ ᠢ ᠰᠡᠯᠪᠢᠨ ᠵᠠᠰᠠᠵᠤ ᠰᠠᠶᠢᠵᠢᠷᠠᠭᠤᠯᠬᠤ ᠵᠡᠷᠭᠡ ᠡᠭᠦᠷᠭᠡ ᠶᠢ | ᠲᠦᠷᠭᠡᠪᠴᠢᠯᠡᠨ ᠠᠬᠢᠭᠤᠯᠵᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠣᠭᠲᠠᠯᠴᠠᠭ᠎ᠠ ᠶᠢ ᠲᠥᠯᠥᠪᠯᠡᠨ ᠪᠦᠲᠦᠭᠡᠨ | ᠪᠠᠶᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠭᠤᠣᠯ ᠤᠨ ᠵᠠᠮ ᠢ ᠯᠠᠶᠢᠳᠠᠬᠤ᠂ ᠬᠠᠰᠢᠯᠭ᠎ᠠ ᠳᠠᠯᠠᠩ ᠢ ᠪᠠᠬᠢᠯᠡᠬᠦ᠂ | ᠤᠰᠤᠨ ᠴᠥᠭᠦᠷᠥᠮ ᠢ ᠪᠠᠶᠢᠷᠢᠯᠠᠭᠤᠯᠬᠤ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠨ᠂ ᠶᠡᠭᠡ ᠦᠶᠡᠷ ᠢ ᠰᠡᠷᠭᠡᠶᠢᠯᠡᠬᠦ᠂ ᠶᠡᠭᠡ ᠲᠦᠭᠰᠢᠭᠦᠷᠢ ᠲᠠᠢ ᠲᠡᠮᠡᠴᠡᠬᠦ ᠴᠢᠳᠠᠪᠤᠷᠢ ᠪᠠᠨ | ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠯᠢ ᠴᠢᠶᠠᠩ ᠲᠤᠬᠠᠢ ᠶᠢᠨ ᠭᠠᠵᠠᠷ ᠤᠨ ᠺᠠᠳ᠋ᠷᠴᠤᠳ ᠲᠤ᠂ ᠡᠪᠦᠯ ᠤᠨ ᠤᠯᠠᠷᠢᠯ ᠪᠣᠯᠣᠯ᠎ᠠ᠂ ᠭᠠᠮᠰᠢᠭᠳᠠᠭᠰᠠᠨ ᠣᠯᠠᠨ | ᠲᠦᠮᠡᠨ ᠤ ᠠᠮᠢᠳᠤᠷᠠᠯ ᠢ ᠪᠠᠲᠤᠯᠠᠬᠤ ᠠᠵᠢᠯ ᠢᠶᠠᠨ ᠨᠡᠩ ᠨᠢᠮᠪᠠᠢ ᠪᠣᠳᠣᠯᠬᠢᠯᠠᠵᠤ᠂ ᠨᠢᠭᠡᠳ ᠨᠢᠭᠡ ᠪᠠᠷ ᠰᠠᠶᠢᠲᠤᠷ | ᠨᠠᠶᠢᠳᠠᠪᠤᠷᠢᠵᠢᠭᠤᠯᠤᠨ᠂ ᠲᠡᠳᠡᠨ ᠤ ᠠᠮᠤᠷ ᠲᠦᠪᠰᠢᠨ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠵᠠᠬᠢᠭᠰᠠᠨ ᠪᠠᠶᠢᠨ᠎ᠠ᠃ | ᠯᠢ ᠴᠢᠶᠠᠩ ᠾᠧᠪᠸᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ | ᠨᠤᠲᠠᠯᠠᠭᠰᠠᠨ ᠪᠥᠭᠡᠳ ᠾᠧᠪᠸᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠾᠧᠪᠸᠢ ᠮᠤᠵᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠷᠢᠭᠲᠠᠢ ᠪᠠᠷ | ᠤᠷᠤᠭᠰᠢᠯᠠᠨ ᠳᠠᠪᠰᠢᠵᠤ᠂ ᠬᠦᠴᠦᠯᠡᠨ ᠴᠢᠷᠮᠠᠶᠢᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠶᠡᠭᠡ | ᠬᠤᠪᠢ ᠨᠡᠮᠡᠷᠢ ᠭᠠᠷᠭᠠᠬᠤ ᠶᠢ ᠬᠦᠰᠡᠪᠡ᠃ | ᠦ᠋ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | | | | | | |