ᠪᠠᠲᠤᠴᠠᠭᠠᠨ ᠢᠶᠠᠷ ᠴᠢᠮᠡᠭᠯᠡᠭᠳᠡᠭᠰᠡᠨ ᠪᠠᠭ᠋ᠠᠳᠤᠮ᠎ᠠ ᠰᠠᠶᠢᠬᠠᠨ ᠦᠵᠡᠮᠵᠢ2024 ᠣᠨ ᠤ ᠳᠣᠯᠣᠳᠤᠭᠠᠷ ᠬᠤᠭᠤᠴᠠᠭᠠᠨ ᠤ ᠤᠳᠠᠨᠳᠠᠯ᠎ᠠ ᠶᠢᠨ ᠪᠠᠲᠤᠴᠠᠭᠠᠨ   ᠤ  ᠨᠠᠶᠢᠷ  ᠨᠢᠵᠢᠭᠢᠷ   ᠰᠠᠶᠢᠬᠠᠨ  ᠶᠠᠪᠤᠭ᠊
ᠨᠡᠶᠢᠲᠡᠯᠡᠭᠰᠡᠨ ᠴᠠᠭ᠄
2024/11/20
  10 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ︽ᠪᠠᠲᠤᠴᠠᠭᠠᠨ ᠢᠶᠠᠷ ᠴᠢᠮᠡᠭᠯᠡᠭᠳᠡᠭᠰᠡᠨ ᠪᠠᠭ᠋ᠠᠳᠤᠮ᠎ᠠ ᠰᠠᠶᠢᠬᠠᠨ ᠲᠦᠩᠯᠢᠶᠣᠣ ᠪᠠᠷ ᠵᠤᠭᠠᠯᠠᠶ᠎ᠠ︾ 2024 ᠣᠨ ᠤ ᠳᠣᠯᠣᠳᠤᠭᠠᠷ ᠬᠤᠭᠤᠴᠠᠭᠠᠨ ᠤ ᠤᠳᠠᠨᠲᠠᠯ᠎ᠠ ᠶᠢᠨ ᠪᠠᠲᠤᠴᠠᠭᠠᠨ ᠤ ᠨᠠᠶᠢᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠳᠠᠨᠲᠠᠯ᠎ᠠ ᠶᠢᠨ ᠪᠠᠲᠤᠴᠠᠭᠠᠨ ᠤ ᠣᠶᠢᠲᠤ ᠴᠡᠴᠡᠷᠯᠢᠭ ᠲᠤ ᠨᠢᠵᠢᠭᠢᠷ ᠰᠠᠶᠢᠬᠠᠨ ᠶᠠᠪᠤᠭᠳᠠᠵᠤ᠂ ᠮᠠᠰᠢ ᠣᠯᠠᠨ ᠵᠤᠭᠠᠴᠠᠭᠴᠢ ᠬᠦᠷᠦᠯᠴᠡᠨ ᠢᠷᠡᠵᠤ ᠪᠠᠲᠤᠴᠠᠭᠠᠨ ᠤ ᠡᠲᠡᠭᠡᠳ ᠰᠠᠶᠢᠬᠠᠨ ᠦᠵᠡᠮᠵᠢ ᠶᠢ ᠰᠣᠨᠢᠷᠬᠠᠭᠰᠠᠨ ᠪᠠᠶᠢᠨ᠎ᠠ᠃   ᠨᠠᠯᠠᠭᠠᠷ ᠨᠠᠮᠤᠷ ᠤᠨ ᠤᠯᠠᠷᠢᠯ ᠳᠤ ᠪᠠᠲᠤᠴᠠᠭᠠᠨ ᠤ ᠨᠠᠪᠴᠢ ᠭᠠᠯ ᠮᠡᠲᠦ ᠤᠯᠠᠶᠢᠵᠤ᠂ ᠤᠳᠠᠨᠲᠠᠯ᠎ᠠ ᠶᠢᠨ ᠪᠠᠲᠤᠴᠠᠭᠠᠨ ᠤ ᠣᠶᠢᠲᠤ ᠴᠡᠴᠡᠷᠯᠢᠭ ᠨᠢ ᠨᠢᠭᠡ ᠵᠢᠯ ᠤᠨ ᠳᠣᠲᠣᠷᠠᠬᠢ ᠬᠠᠮᠤᠭ ᠤᠨ ᠰᠠᠶᠢᠬᠠᠨ ᠤᠯᠠᠷᠢᠯ ᠢᠶᠠᠨ ᠤᠭᠲᠤᠨ ᠠᠪᠴᠢᠷᠠᠯ᠎ᠠ᠃ ᠡᠭᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠵᠤᠭᠠᠴᠠᠭᠰᠠᠳ ᠫᠢᠳ ᠳᠦᠭᠦᠷᠴᠦ᠂ ᠭᠦᠷ ᠬᠥᠭᠵᠢᠶᠡᠨ ᠢᠶᠠᠷ ᠪᠢᠯᠬᠠᠨ᠎ᠠ᠃ ᠡᠭᠢᠯᠡᠯᠲᠡ ᠶᠢᠨ ᠶᠣᠰᠣᠯᠠᠯ ᠳᠤ ᠪᠥᠵᠢᠭ ︽ᠴᠠᠭ ᠦᠶ᠎ᠡ ᠶᠢᠨ ᠭᠦᠭ ᠠᠶᠠᠰ︾᠂ ᠡᠮᠡᠭᠲᠡᠢ ᠶᠢᠨ ᠭᠤᠴᠣᠯᠠᠯ ᠳᠠᠭᠤᠤ ︽ᠪᠠᠲᠤᠴᠠᠭᠠᠨ ᠤ ᠬᠠᠶᠢᠷ᠎ᠠ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠮᠣᠩᠭᠤᠯ ᠮᠣᠷᠢ︾ ᠵᠡᠷᠭᠡ ᠲᠣᠬᠯᠠᠯᠲᠠ ᠵᠠᠯᠭᠠᠭ᠎ᠠ ᠪᠠᠷ ᠲᠣᠭᠯᠠᠭᠳᠠᠵᠤ᠂ ᠲᠦᠩᠯᠢᠶᠣᠣ ᠶᠢᠨ ᠠᠷᠠᠳ ᠲᠦᠮᠡᠨ ᠤ ᠠᠵᠢᠯᠴᠢ ᠪᠣᠷᠣᠭᠵᠢᠭᠤᠨ ᠪᠥᠭᠡᠳ ᠵᠣᠴᠢᠨᠰᠠᠭ ᠰᠡᠳᠬᠢᠯᠭᠡ ᠶᠢ ᠭᠦᠢᠴᠡᠳ ᠢᠯᠡᠷᠡᠭᠦᠯᠪᠡ᠃ ᠲᠤᠬᠠᠢ ᠶᠢᠨ ᠲᠠᠯᠠᠪᠠᠢ ᠳᠤ ᠪᠠᠰᠠ ᠬᠤᠷᠢᠮ ᠤᠨ ᠬᠤᠪᠴᠠᠰᠤ ᠵᠠᠰᠠᠯ᠂ ᠭᠡᠷᠡᠯ ᠵᠢᠷᠤᠭ ᠤᠨ ᠦᠵᠡᠰᠭᠦᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠭᠦᠯᠡᠩ᠂ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠰᠭᠦᠯᠡᠩ᠂ ᠰᠤᠳᠤᠯᠤᠨ ᠰᠤᠷᠤᠯᠴᠠᠬᠤ ᠪᠠ ᠵᠤᠭᠠᠴᠠᠯ ᠰᠡᠯᠡᠭᠦᠴᠡᠯ ᠵᠡᠷᠭᠡ ᠭᠤᠭᠴᠤᠭ᠎ᠠ ᠶᠢ ᠲᠣᠬᠢᠷᠠᠭᠤᠯᠵᠤ᠂ ᠬᠤᠳᠠ ᠶᠢᠨ ᠠᠷᠠᠳ ᠪᠣᠯᠣᠨ ᠵᠤᠭᠠᠴᠠᠭᠰᠠᠳ ᠲᠤ ᠨᠠᠮᠤᠷ ᠤᠨ ᠪᠠᠶᠠᠷ ᠪᠠᠭ᠋ᠠᠳᠤᠯᠲᠤ ᠴᠠᠭ ᠮᠥᠴᠡ ᠶᠢ ᠡᠳ᠋ᠯᠡᠭᠦᠯᠦᠭᠰᠡᠨ ᠪᠠᠶᠢᠨ᠎ᠠ᠃   ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠵᠢᠭᠤᠯᠴᠢᠯᠠᠯ +︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠳᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ ᠰᠠᠬᠢᠵᠤ᠂ 10 ᠲᠦᠮᠡᠨ ᠮᠦ ᠪᠠᠲᠤᠴᠠᠭᠠᠨ ᠢᠶᠠᠷ ᠵᠠᠭᠤᠴᠢ ᠪᠣᠯᠭᠠᠨ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠷᠡᠭᠦᠯᠪᠡ᠃ ᠤᠳᠠᠨᠲᠠᠯ᠎ᠠ ᠶᠢᠨ ᠪᠠᠲᠤᠴᠠᠭᠠᠨ ᠤ ᠨᠠᠶᠢᠷ ᠢ ᠦᠷᠭᠦᠯᠵᠢᠯᠡᠨ ᠲᠤᠯᠤᠭᠠᠨ ᠬᠤᠭᠤᠴᠠᠭ᠎ᠠ ᠡᠷᠭᠢᠯᠡᠨ ᠶᠠᠪᠤᠭᠳᠠᠭᠤᠯᠬᠤ ᠪᠠᠷ ᠲᠠᠮᠵᠢᠨ᠂ ᠤᠳᠠᠨᠲᠠᠯ᠎ᠠ ᠶᠢᠨ ᠪᠠᠲᠤᠴᠠᠭᠠᠨ ᠤ ᠣᠶᠢᠲᠤ ᠴᠡᠴᠡᠷᠯᠢᠭ ᠤᠨ ᠠᠯᠳᠠᠷᠰᠢᠯ᠂ ᠨᠡᠷ᠎ᠡ ᠴᠤᠤ ᠶᠢ ᠪᠦᠲᠦᠮᠵᠢᠲᠡᠢ ᠳᠡᠭᠡᠭᠰᠢᠯᠡᠭᠦᠯᠵᠦ᠂ ᠠᠮᠢ ᠠᠬᠤᠢ ᠶᠢᠨ ᠡᠬᠢ ᠪᠠᠶᠠᠯᠢᠭ ᠢ ᠵᠤᠭᠠᠴᠠᠯ ᠤᠨ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠦᠩᠯᠢᠶᠣᠣ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ︽ᠥᠪᠥᠷ ᠮᠣᠩᠭᠤᠯ ᠢᠶᠠᠷ ᠳᠠᠭᠤᠯᠠᠨ ᠵᠤᠭᠠᠯᠠᠶ᠎ᠠ︾ ᠭᠡᠬᠦ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ ᠳᠤ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠵᠡᠢ᠃
           ᠰᠤᠷᠪᠤᠯᠵᠢᠯᠠᠬᠴᠢ ᠱᠢ ᠰᠢᠶᠣᠣ ᠪᠦᠸᠧ ᠵᠠᠩ ᠴᠢ ᠮᠢᠨ ᠴᠠᠩ ᠬᠤᠩ ᠯᠢᠶᠠᠩ ᠸᠠᠩ ᠰᠢᠶᠣᠣ ᠹᠧᠢ ᠯᠢᠶᠠᠩ ᠴᠤᠤ 
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号