ᠥᠨᠳᠥᠷ ᠪᠠᠷᠢᠮᠵᠢᠶ᠎ᠠ ᠠᠴᠠ ᠥᠨᠳᠥᠷ ᠤᠨᠠᠯᠳᠠ ᠤᠯᠵᠤ᠂ ︽ᠠᠮᠤ ᠪᠤᠳᠠᠭᠠᠨ ᠤ ᠲᠠᠷᠢᠶ᠎ᠠ︾ ᠶᠢ ᠰᠠᠶᠢᠨ ᠲᠠᠷᠢᠶ᠎ᠠ ᠬᠤᠪᠢᠷᠠᠭᠤᠯᠪᠠ
ᠨᠡᠶᠢᠲᠡᠯᠡᠭᠰᠡᠨ ᠴᠠᠭ᠄
2024/11/21
    ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠡᠳᠦᠷ ᠤᠳ ᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠥᠲᠥᠭᠡᠨ ᠪᠠᠶᠢᠭᠤᠯᠤᠯᠲᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ᠂ ︽ᠠᠮᠤ ᠪᠤᠳᠠᠭᠠᠨ ᠤ ᠲᠠᠷᠢᠶ᠎ᠠ︾ ᠶᠢ ᠮᠠᠰᠢᠨ ᠢᠶᠠᠷ ᠲᠠᠷᠢᠶᠠᠯᠠᠬᠤ ᠳᠤ ᠲᠣᠬᠢᠷᠠᠮᠵᠢᠲᠠᠶ᠂ ᠲᠣᠭᠲᠠᠭᠤᠨ ᠪᠥᠭᠡᠳ ᠥᠨᠳᠥᠷ ᠤᠨᠠᠯᠲᠠ ᠲᠠᠢ ᠰᠠᠶᠢᠨ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠶᠢ ᠦᠨᠡᠨ ᠬᠦ ᠠᠬᠢᠭᠤᠯᠵᠤ᠂ ᠢᠷᠡᠬᠦ ᠵᠢᠯ ᠤᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠠᠲᠤᠳᠬᠠᠪᠠ᠃     ᠠᠭᠤᠯᠠ ᠪᠠᠯᠭᠠᠰᠤᠨ ᠤ ᠲᠦᠩᠰᠢᠭᠡ ᠭᠠᠴᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠤᠬᠤᠭᠤᠷ ᠮᠠᠰᠢᠨ ᠬᠦᠷᠴᠢᠭᠢᠨᠡᠵᠦ᠂ ᠰᠢᠷᠣᠢ ᠮᠠᠯᠳᠠᠨ ᠵᠥᠭᠡᠭᠡᠪᠦᠷᠢᠯᠡᠵᠦ᠂ ᠠᠵᠢᠯᠴᠢᠳ ᠠᠵᠢᠯ ᠬᠤᠪᠢᠶᠠᠷᠢᠯᠠᠨ ᠬᠠᠮᠵᠢᠯᠴᠠᠵᠤ᠂ ᠤᠰᠤᠨ ᠬᠤᠭᠤᠯᠠᠢ ᠭᠠᠩᠨᠠᠨ ᠵᠠᠯᠭᠠᠬᠤ᠂ ᠤᠰᠤᠨ ᠰᠤᠪᠠᠭ ᠮᠠᠯᠳᠠᠬᠤ ᠵᠡᠷᠭᠡ ᠠᠵᠢᠯ ᠡᠷᠴᠢᠮᠳᠡᠢ ᠶᠠᠪᠤᠭᠳᠠᠨ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠪᠢᠯᠬᠠᠵᠤ ᠪᠠᠶᠢᠯ᠎ᠠ᠃
  “高标”出高效  “粮田”变“良田”01.jpg  
   ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠵᠢᠷᠭᠤᠳᠤᠭᠠᠷ ᠪᠠᠷᠢᠮᠵᠢᠶ᠎ᠠ ᠶᠢᠨ ᠬᠠᠷᠢᠭᠤᠴᠠᠯᠭᠠᠲᠠᠨ ᠶᠤᠸᠠᠢ ᠵᠢᠶᠦ᠋ᠨ ᠴᠧᠩ᠄ ︽ᠮᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠬᠦᠷᠭᠡ ᠪᠣᠯ 59070 ᠮᠧᠲᠷ ᠤᠷᠳᠤ ᠬᠤᠭᠤᠯᠠᠶ ᠲᠡᠪᠢᠰᠴᠦ᠂ 52 ᠬᠤᠳᠳᠤᠭ ᠮᠠᠯᠲᠠᠵᠤ᠂ ᠲᠠᠷᠢᠶᠠᠨ ᠤ ᠬᠤᠭᠤᠷᠤᠨᠳᠤᠬᠢ ᠵᠠᠮ 9.5km ᠵᠠᠰᠠᠨ᠎ᠠ᠂  ᠦᠨᠦ ᠪᠤᠯᠳᠠᠯ᠎ᠠ ᠭᠤᠣᠯ ᠴᠣᠭᠴᠠ ᠶᠢᠨ ᠪᠠᠷᠢᠯᠭ᠎ᠠ 85% ᠶᠢ ᠪᠡᠶᠡᠯᠡᠭᠦᠯᠵᠦ᠂ ᠬᠤᠭᠤᠯᠠᠢ ᠨᠢ 46000 ᠮᠧᠲᠷ ᠤᠷᠳᠤ ᠲᠡᠪᠢᠰᠴᠦ᠂ ᠵᠢᠱᠢᠯᠲᠡ ᠪᠠᠷ ᠭᠤᠤᠯ ᠴᠣᠭᠴᠠ ᠶᠢᠨ ᠪᠠᠷᠢᠯᠭ᠎ᠠ ᠶᠢ 11 ᠰᠠᠷ᠎ᠠ ᠶᠢᠨ 20 ᠤ ᠡᠳᠦᠷ ᠳᠠᠭᠤᠰᠬᠠᠨ᠎ᠠ︾ ᠭᠡᠵᠦ ᠬᠡᠯᠡᠪᠡ᠃         ᠪᠠᠭᠠᠳᠠᠯ᠎ᠠ ᠰᠤᠮᠤ ᠶᠢᠨ ᠬᠤᠭᠤᠯᠠᠲᠤ ᠤᠪᠤᠭ᠎ᠠ ᠭᠠᠴᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠲᠡᠷᠭᠡ ᠬᠥᠰᠬᠡ᠂ ᠪᠠᠷᠢᠯᠭ᠎ᠠ ᠶᠢᠨ ᠠᠵᠢᠯᠲᠠᠨ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠬᠦᠳᠡᠯᠦᠯᠴᠡᠵᠦ᠂ ᠭᠤᠤ ᠮᠠᠯᠲᠠᠬᠤ᠂ ᠤᠰᠤᠯᠠᠯᠲᠠ ᠶᠢᠨ ᠬᠤᠭᠤᠯᠠᠢ ᠳᠡᠪᠢᠰᠬᠦ᠂ ᠭᠠᠵᠠᠷ ᠰᠢᠷᠣᠢ ᠶᠢ ᠲᠡᠭᠰᠢᠯᠡᠬᠦ ᠵᠡᠷᠭᠡ ᠠᠵᠢᠯ ᠢ ᠱᠠᠯᠠᠪᠳᠠᠨ ᠬᠢᠵᠦ ᠪᠠᠶᠢᠯ᠎ᠠ᠃
  “高标”出高效  “粮田”变“良田”02.jpg 
    ᠪᠠᠭᠠᠳᠠᠯ᠎ᠠ ᠰᠤᠮᠤ ᠶᠢᠨ ᠬᠤᠭᠤᠯᠠᠳᠤ ᠣᠪᠣᠭ᠎ᠠ ᠭᠠᠴᠠᠭᠠᠨ ᠤ ᠡᠷᠬᠢᠯᠡᠭᠴᠢ ᠷᠢᠨᠴᠢᠨᠨᠢᠩᠪᠤ᠄ ︽ᠮᠠᠨ ᠤ ᠣᠪᠤᠭ᠎ᠠ ᠭᠠᠴᠠᠭ᠎ᠠ ᠡᠨᠡ ᠵᠢᠯ ᠤᠨ 4 ᠰᠠᠷ᠎ᠠ ᠠᠴᠠ ᠡᠬᠢᠯᠡᠨ ᠡᠷᠳᠡᠨᠢ ᠰᠢᠰᠢ ᠳᠠᠷᠢᠬᠤ ᠠᠵᠢᠯ ᠢᠶᠠᠨ ᠡᠬᠢᠯᠡᠭᠦᠯᠵᠦ᠂ ᠨᠠᠮᠤᠷ ᠤᠨ ᠬᠤᠷᠢᠶᠠᠯᠲᠠ ᠳᠠᠭᠤᠰᠤᠭᠰᠠᠨ ᠤ ᠳᠠᠷᠠᠭ᠎ᠠ 10 ᠰᠠᠷ᠎ᠠ ᠶᠢᠨ ᠳᠤᠮᠳᠠᠴᠢ ᠠᠴᠠ ᠡᠬᠢᠯᠡᠨ ᠪᠠᠷᠢᠯᠭ᠎ᠠ ᠵᠣᠭᠰᠣᠭᠠᠭᠰᠠᠨ ᠪᠠᠶᠢᠨ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ ᠵᠣᠭᠤᠰ ᠠᠷᠪᠢᠯᠠᠬᠤ᠂ ᠴᠠᠭ ᠠᠷᠪᠢᠯᠠᠬᠤ᠂ ᠬᠦᠴᠦ ᠠᠷᠪᠢᠯᠠᠬᠤ᠂ ᠤᠰᠤ ᠠᠷᠪᠢᠯᠠᠵᠤ ᠴᠢᠳᠠᠨ᠎ᠠ᠂ ᠬᠠᠮᠤᠭ ᠤᠨ ᠴᠢᠬᠤᠯᠠ ᠨᠢ ᠬᠥᠮᠦᠨ ᠤ ᠬᠦᠴᠦ ᠶᠢ ᠠᠷᠪᠢᠯᠡᠨ᠂ ᠦᠨᠳᠦᠰᠦᠨ ᠲᠠᠷᠢᠶᠠᠨ ᠭᠠᠵᠠᠷ ᠤᠨ ᠬᠡᠷᠡᠭᠯᠡᠯᠲᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠨᠠᠩ ᠥᠨᠳᠥᠷ ᠲᠠᠰ ᠳᠠᠪᠬᠤᠷᠭ᠎ᠠ᠂ ᠨᠠᠩ ᠦᠷ᠎ᠡ ᠪᠦᠲᠦᠮᠵᠢ ᠲᠠᠢ᠂ ᠨᠠᠩ ᠦᠷᠭᠦᠯᠵᠢᠯᠡᠬᠦ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢ ᠶᠢ ᠪᠣᠶ ᠪᠤᠯᠭᠠᠪᠠ︾ ᠭᠡᠵᠡᠶ᠃
  “高标”出高效  “粮田”变“良田”03.jpg
    ᠣᠶᠢᠯᠠᠭᠠᠭᠰᠠᠨ ᠢᠶᠠᠷ᠂ 2024 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠵᠢᠴᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ 60.14 ᠲᠦᠮᠡᠨ ᠮᠥ ᠬᠡᠷᠡᠭᠵᠢᠭᠦᠯᠬᠦ ᠪᠠᠷ ᠲᠦᠯᠦᠪᠯᠡᠪᠡ᠂ ᠡᠭᠦᠨ ᠳᠤ ᠬᠠᠪᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ 10.14 ᠲᠦᠮᠡᠨ ᠮᠥ᠂ ᠶᠡᠷᠦᠩᠬᠡᠶ ᠪᠠᠯᠠ ᠣᠷᠣᠭᠤᠯᠤᠯᠲᠠ ᠨᠢ 23159.41 ᠲᠦᠮᠡᠨ ᠲᠥᠭᠦᠷᠢᠭ ᠪᠠᠶᠢᠵᠤ᠂ 6 ᠰᠤᠮᠤ ᠪᠠᠯᠭᠠᠰᠤ ︵ᠲᠠᠯᠠᠪᠠᠶ︶ ᠶᠢᠨ 19 ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠳᠤ ᠬᠤᠯᠪᠣᠭᠳᠠᠵᠤ᠂ ᠪᠦᠬᠦᠯᠢ ᠴᠣᠭᠴᠠ ᠶᠢᠨ ᠢᠨᠵᠧᠨᠧᠷᠢᠩ ᠤᠨ ᠡᠭᠦᠷᠭᠡ ᠶᠢᠨ 85% ᠶᠢ ᠨᠢᠭᠡᠨᠲᠡ ᠪᠡᠶᠡᠯᠡᠭᠦᠯᠵᠦ᠂ ᠵᠢᠯ ᠤᠨ ᠡᠴᠦᠰ ᠠᠴᠠ ᠡᠮᠦᠨ᠎ᠡ ᠪᠥᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠵᠢᠯ ᠳᠤ ᠪᠠᠷᠤᠭ 881.19 ᠲᠦᠮᠡᠨ ᠺᠦᠪ ᠮᠧᠲᠷ ᠤᠰᠤ ᠠᠷᠪᠢᠯᠠᠵᠤ᠂ ᠤᠰᠤᠯᠠᠯᠲᠠ ᠶᠢᠨ ᠤᠰᠤᠨ ᠠᠰᠢᠭᠯᠠᠯᠲᠠ ᠶᠢᠨ ᠬᠡᠷᠡᠭᠯᠡᠬᠦ ᠨᠣᠷᠮ᠎ᠠ ᠶᠢ 90% ᠪᠣᠯᠲᠠᠯ᠎ᠠ ᠳᠡᠭᠡᠭᠰᠢᠯᠡᠭᠦᠯᠵᠦ᠂ 131.935 ᠺᠢᠯᠤᠮᠧᠲᠷ ᠤᠷᠳᠤ ᠵᠠᠮ ᠵᠠᠰᠠᠬᠤ᠂ ᠵᠠᠮ ᠵᠠᠰᠠᠭᠰᠠᠨ ᠨᠣᠷᠮ᠎ᠠ 100% ᠬᠦᠷᠪᠡ᠃ ᠵᠢᠯ ᠳᠤ ᠠᠮᠤ ᠪᠤᠳᠠᠭᠠᠨ ᠤ ᠤᠨᠠᠯᠳᠠ ᠶᠢ 1014.05 ᠲᠦᠮᠡᠨ ᠺᠢᠯᠣᠭ᠍ᠷᠠᠮ ᠨᠡᠮᠡᠭᠳᠡᠭᠦᠯᠵᠦ᠂ 9331 ᠲᠠᠷᠢᠶᠠᠴᠢᠨ ᠡᠷᠦᠬᠡ᠂ 20687 ᠬᠥᠮᠦᠨ ᠠᠰᠢᠭ ᠬᠦᠷᠲᠡᠵᠦ᠂ ᠵᠢᠯ ᠤᠨ ᠴᠡᠪᠡᠷ ᠣᠷᠣᠯᠭ᠎ᠠ 2451.29 ᠲᠦᠮᠡᠨ ᠲᠥᠭᠦᠷᠢᠭ ᠨᠡᠮᠡᠭᠳᠡᠪᠡ᠃ ᠨᠠᠮᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ 50 ᠲᠦᠮᠡᠨ ᠮᠥ ᠪᠠᠶᠢᠵᠤ᠂ ᠶᠠᠭ ᠰᠠᠶ᠋ᠢᠬᠠᠨ ᠠᠩᠬ᠎ᠠ ᠠᠯᠬᠤᠮ ᠤᠨ ᠵᠢᠷᠤᠭ ᠲᠥᠯᠥᠪᠯᠡᠭᠡ᠂ ᠲᠤᠰᠬᠠᠶ ᠮᠡᠷᠭᠡᠵᠢᠯᠲᠡᠨ ᠦᠨᠡᠯᠡᠵᠦ ᠬᠢᠨᠠᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠦᠷᠨᠢᠭᠦᠯᠵᠦ᠂ ᠡᠨᠡ ᠵᠢᠯ ᠪᠠᠷᠢᠯᠭ᠎ᠠ ᠡᠬᠢᠯᠡᠭᠦᠯᠵᠦ᠂ 2025 ᠣᠨ ᠤ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠬᠦ ᠪᠠᠷ ᠲᠥᠯᠥᠪᠯᠡᠵᠦ ᠪᠣᠶ᠃       
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号