1 — 10 ᠰᠠᠷ᠎ᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 34.7% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ᠃ ᠭᠤᠷᠪᠠᠨ ᠲᠣᠮᠣ | ᠲᠥᠷᠥᠯ ᠢᠶᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 11.2% ᠢᠶᠠᠷ ᠪᠠᠭᠤᠷᠠᠵᠤ᠂ ᠦᠢᠯᠡᠳᠬᠦ ᠦᠢᠯᠡᠰ 37.6% ᠪᠠᠷ ᠨᠡᠮᠡᠭᠳᠡᠵᠦ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 38.0% ᠢᠶᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 7 ᠠᠵᠢᠯ | ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠵᠦ ᠪᠣᠢ᠂ ᠡᠭᠦᠨ ᠳᠤ᠂ ᠡᠮ ᠡᠮᠨᠡᠯᠭᠡ ᠶᠢᠨ ᠦᠢᠯᠡᠳᠬᠦ ᠦᠢᠯᠡᠰ᠂ ᠬᠠᠷ᠎ᠠ | ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ᠂ ᠥᠩᠭᠡᠲᠦ ᠲᠡᠮᠦᠷᠯᠢᠭ | ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ᠂ ᠲᠡᠮᠦᠷᠯᠢᠭ ᠤᠨ ᠪᠦᠲᠦᠭᠡᠭᠳᠡᠬᠦᠨ ᠤ ᠦᠢᠯᠡᠰ᠂ | ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ | ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ | | |