ᠨᠡᠶᠢᠲᠡᠯᠡᠭᠰᠡᠨ ᠴᠠᠭ᠄ 2024/11/18 | | | | ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ | ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ — | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠵᠢᠨᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ | ᠳᠡᠭᠡᠷᠡᠬᠢ ᠶᠠᠷᠢᠶ᠎ᠠ | ︵2024 ᠣᠨ ᠤ 11 ᠰᠠᠷ᠎ᠠ ᠶᠢᠨ 16 ᠤ ᠡᠳᠦᠷ ᠯᠢᠮᠠ ᠳᠤ︶ | | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | | | | | ᠬᠦᠨᠳᠦᠲᠦ ᠶᠡᠷᠦᠩᠬᠡᠶᠢᠯᠡᠭᠴᠢ ᠪᠦᠷᠦ᠊ · ᠠᠷᠲ᠋ᠧ᠂ | ᠬᠠᠮᠲᠤ ᠠᠵᠢᠯᠯᠠᠭᠰᠠᠳ ᠠ᠋᠄ | 8 ᠵᠢᠯ ᠤᠨ ᠲᠠᠷᠠᠭ᠎ᠠ ᠦᠵᠡᠰᠬᠦᠯᠡᠩᠲᠦ ᠰᠠᠶᠢᠬᠠᠨ ︽ᠴᠡᠴᠡᠷᠯᠢᠭ ᠤᠨ ᠬᠤᠲᠠ︾ ᠯᠢᠮᠠ ᠳᠤ ᠳᠠᠬᠢᠨᠲᠠ ᠢᠷᠡᠵᠦ᠂ | ᠤᠯᠠᠨ ᠯᠤᠭ᠎ᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ | ᠵᠥᠪᠳᠡᠯᠴᠡᠵᠦ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠪᠦᠷᠦ᠊ · ᠠᠷᠲ᠋ᠧ ᠪᠣᠯᠣᠨ ᠫᠧᠷᠦ᠋ ᠶᠢᠨ | ᠵᠠᠰᠠᠭ ᠤᠨ ᠣᠷᠳᠣᠨ ᠤ ᠲᠤᠰ ᠤᠳᠠᠭ᠎ᠠ ᠶᠢᠨ ᠬᠤᠷᠠᠯ ᠢ ᠨᠢᠮᠪᠠᠢ ᠲᠣᠬᠢᠷᠠᠭᠤᠯᠤᠭᠰᠠᠨ ᠳᠤ ᠲᠠᠯᠠᠷᠬᠠᠵᠤ ᠪᠠᠶᠢᠨ᠎ᠠ᠃ | ᠬᠡᠳᠦᠨ ᠠᠷᠪᠠᠨ ᠵᠢᠯ ᠤᠨ ᠲᠤᠷᠰᠢ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠶᠡᠭᠡ ᠬᠥᠭᠵᠢᠯᠲᠡ᠂ ᠶᠡᠭᠡ | ᠴᠡᠴᠡᠭᠯᠡᠯ᠂ ᠶᠡᠭᠡ ᠠᠭᠤᠰᠤᠯᠴᠠᠯ ᠢ ᠪᠡᠶᠡᠯᠡᠭᠦᠯᠬᠦ ᠶᠢ ᠳᠠᠶᠢᠴᠢᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠭᠦ | ᠪᠥᠮᠪᠥᠷᠴᠡᠭ ᠤᠨ ᠠᠵᠤ ᠠᠬᠤᠢ ᠶᠢᠨ ᠬᠠᠮᠤᠭ ᠤᠨ ᠠᠮᠢᠵᠢᠷᠠᠯ ᠤᠨ ᠬᠦᠴᠦᠨ ᠲᠠᠢ ᠭᠠᠵᠠᠷ ᠣᠷᠣᠨ ᠪᠠ ᠭᠤᠣᠯ ᠪᠤᠯᠬᠤ | ᠨᠡᠮᠡᠭᠳᠡᠯ ᠤᠨ ᠬᠥᠳᠡᠯᠭᠡᠭᠦᠷ ᠪᠤᠯᠭᠠᠬᠤ ᠶᠢ ᠠᠬᠢᠭᠤᠯᠪᠠ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ | ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠦᠴᠦᠨ | ᠮᠡᠬᠦᠰᠳᠡᠵᠦ᠂ ᠳᠡᠯᠡᠬᠡᠢ ᠶᠢᠨ ᠨᠡᠭᠡᠭᠡᠯᠲᠡ ᠶᠢᠨ ᠵᠢᠭᠠᠯᠲᠠ ᠲᠤᠭ᠎ᠠ ᠳᠠᠰᠤᠷᠠᠯᠳᠠ ᠦᠭᠡᠢ ᠪᠠᠭᠤᠷᠠᠵᠤ᠂ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠬᠠᠮᠲᠤᠷᠠᠯᠴᠠᠭ᠎ᠠ ᠴᠤ ᠭᠠᠵᠠᠷ ᠣᠷᠣᠨ ᠤ ᠤᠯᠤᠰ ᠳᠦᠷᠦ᠂ ᠭᠠᠭᠴᠠ ᠲᠠᠯᠠᠲᠤ ᠦᠵᠡᠯ ᠪᠣᠯᠣᠨ | ᠬᠠᠮᠠᠭᠠᠯᠠᠬᠤ ᠦᠵᠡᠯ ᠬᠡᠴᠡᠭᠦᠳᠡᠬᠦ ᠵᠡᠷᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠲᠡᠦᠬᠡ ᠶᠢᠨ ᠲᠣᠨᠣᠯᠵᠢᠨ ᠵᠠᠮ | ᠳᠡᠭᠡᠷ᠎ᠡ ᠵᠣᠭᠰᠣᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠤᠯᠤᠰ ᠨᠡᠩ ᠶᠡᠭᠡ ᠬᠠᠷᠢᠭᠤᠴᠠᠯᠭ᠎ᠠ | ᠡᠭᠦᠷᠭᠡᠯᠡᠵᠦ ᠪᠠᠶᠢᠨ᠎ᠠ᠃ ᠪᠢᠳᠡ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ 2040 | ᠣᠨ ᠤ ᠪᠦᠲ᠋ᠧᠯᠠᠵᠢᠶᠠ ᠶᠢᠨ ᠠᠯᠤᠰ ᠤᠨ ᠲᠥᠰᠥᠪ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠽᠢᠶ᠎ᠠ ᠲᠢᠪ ᠨᠣᠮᠣᠬᠠᠨ | ᠲᠡᠯᠡᠶ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠽᠢᠶ᠎ᠠ ᠲᠢᠪ | ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢᠨ ᠰᠢᠨ᠎ᠡ ᠴᠠᠭ ᠦᠶ᠎ᠡ ᠶᠢ ᠴᠢᠷᠮᠠᠶᠢᠨ ᠡᠭᠦᠳᠦᠶ᠎ᠡ᠃ ᠡᠭᠦᠨ ᠤ | ᠲᠤᠯᠠᠳᠠ ᠪᠢ ᠳᠤᠷᠠᠲᠠᠶ᠎ᠠ ᠳᠣᠣᠷᠠᠬᠢ ᠮᠡᠲᠦ ᠰᠠᠨᠠᠭᠤᠯᠭ᠎ᠠ ᠳᠤᠷᠠᠳᠤᠶ᠎ᠠ᠃ | | ᠨᠢᠭᠡ ᠳᠤ᠂ ᠨᠡᠭᠡᠭᠡᠯᠲᠡᠲᠡᠢ ᠠᠭᠤᠰᠤᠯᠴᠠᠨ ᠨᠡᠪᠲᠡᠷᠡᠯᠴᠡᠭᠰᠡᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠬᠠᠮᠲᠤᠷᠠᠯᠴᠠᠭᠠᠨ ᠤ ᠪᠠᠶᠢᠷᠢᠰᠢᠯ ᠢ | ᠪᠠᠶᠢᠭᠤᠯᠤᠶ᠎ᠠ᠃ ᠪᠢᠳᠡ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠶᠡᠭᠡ ᠴᠢᠭᠯᠡᠯ ᠢ | ᠪᠠᠷᠢᠮᠲᠠᠯᠠᠵᠤ᠂ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ | ᠬᠠᠮᠠᠭᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠭᠦ ᠪᠥᠮᠪᠥᠷᠴᠡᠭ ᠤᠨ ᠠᠵᠤ ᠠᠬᠤᠢ ᠠᠷᠠᠯᠵᠢᠶᠠᠨ ᠤ ᠳᠦᠷᠢᠮ ᠤᠨ ︽ᠨᠡᠪᠴᠢᠭᠦᠯᠦᠭᠦᠷ︾ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠪᠣᠯᠣᠨ | ᠬᠤᠯᠪᠣᠯᠳᠤᠨ ᠨᠡᠪᠲᠡᠷᠡᠯᠴᠡᠬᠦ ᠶᠢ ᠬᠦᠴᠦᠯᠡᠨ ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠡᠷᠭᠡᠵᠢᠯ᠂ | ᠦᠢᠯᠡᠴᠢᠯᠡᠭᠡ ᠶᠢᠨ ᠭᠦᠢᠯᠭᠡᠭᠡ ᠶᠢ ᠲᠠᠰᠤᠳᠠᠨ ᠬᠡᠰᠡᠭᠯᠡᠬᠦ ᠥᠨᠳᠥᠷ ᠬᠡᠷᠡᠮ ᠢ ᠨᠤᠷᠠᠭᠠᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠪᠣᠯᠣᠨ ᠳᠡᠯᠡᠬᠡᠢ ᠶᠢᠨ ᠠᠵᠤ ᠠᠬᠤᠢ ᠶᠢᠨ ᠡᠷᠭᠢᠯᠲᠡ ᠶᠢ ᠠᠬᠢᠭᠤᠯᠤᠶ᠎ᠠ᠃ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠪᠦᠲᠦᠭᠡᠨ ᠪᠠᠶᠢᠭᠤᠯᠬᠤ ᠪᠣᠯ ᠣᠷᠣᠨ | ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢᠨ ᠠᠤᠭ᠎ᠠ ᠲᠥᠰᠥᠪ ᠪᠠᠶᠢᠵᠤ᠂ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠯᠤᠰ ᠭᠡᠳᠤ ᠶᠢᠨ ᠬᠥᠭᠵᠢᠯ ᠴᠡᠴᠡᠭᠯᠡᠯ ᠲᠠᠢ ᠬᠤᠯᠪᠣᠭᠳᠠᠨ᠎ᠠ᠃ 10 ᠵᠢᠯ ᠤᠨ ᠡᠮᠦᠨ᠎ᠡ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠪᠡᠭᠡᠵᠢᠩ ᠳᠠᠬᠢ ᠬᠤᠷᠠᠯ ᠠᠴᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ | ᠠᠬᠢᠴᠠ ᠶᠢ ᠡᠬᠢᠯᠡᠭᠦᠯᠬᠦ ᠲᠡᠦᠬᠡᠲᠦ ᠴᠢᠨᠠᠷᠲᠠᠢ ᠲᠣᠭᠲᠠᠭᠠᠯ ᠢ ᠭᠠᠷᠭᠠᠪᠠ᠃ ᠥᠨᠥᠳᠥᠷ᠂ ᠪᠢᠳᠡ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠵᠢᠯᠤᠭᠤᠳᠬᠤ ᠪᠢᠴᠢᠭ | ᠮᠠᠲ᠋ᠧᠷᠢᠶᠠᠯ ᠢ ᠪᠠᠲᠤᠯᠠᠨ᠎ᠠ᠂ ᠡᠨᠡ ᠨᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠨᠡᠭᠡᠭᠡᠯᠲᠡᠲᠤ ᠭᠡᠯᠪᠡᠷᠢ ᠶᠢᠨ ᠠᠵᠤ | ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ᠃ | ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠢᠯᠡᠳᠬᠡᠮᠵᠢ ᠲᠡᠮᠳᠡᠭ | ᠮᠥᠨ᠃ ᠳᠤᠮᠳᠠᠳᠤ ᠤᠯᠤᠰ | ᠨᠡᠭᠡᠭᠡᠯᠲᠡ ᠬᠢᠬᠦ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ | ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠡᠶ᠎ᠡ ᠪᠠᠨ ᠳᠠᠭᠠᠭᠠᠵᠤ ᠨᠡᠭᠡᠭᠡᠯᠲᠡ | ᠬᠢᠬᠦ ᠶᠢ ᠢᠳᠡᠪᠬᠢᠲᠡᠢ ᠥᠷᠭᠡᠳᠬᠡᠬᠦ ᠨᠢ ᠴᠠᠭᠢᠯᠭᠠᠨ ᠴᠢᠮᠡᠭᠡ ᠬᠤᠯᠪᠤᠭ᠎ᠠ᠂ ᠢᠨᠲ᠋ᠧᠷ ᠰᠦᠯᠵᠢᠶ᠎ᠡ᠂ ᠰᠤᠷᠭᠠᠨ ᠬᠥᠮᠦᠵᠢᠯ᠂ | ᠰᠣᠶᠣᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠬᠦ ᠶᠢ ᠠᠬᠢᠭᠤᠯᠬᠤ | ᠪᠣᠯᠣᠨ᠎ᠠ᠃ ᠳᠤᠮᠳᠠᠳᠤ ᠤᠯᠤᠰ ︽ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠬᠡᠯᠡᠯᠴᠡᠭᠡᠷ︾ ᠢ ᠴᠢᠨᠠᠷ ᠰᠠᠶᠢᠲᠠᠢ ᠬᠡᠷᠡᠭᠵᠢᠭᠦᠯᠬᠦ ᠶᠢ ᠪᠠᠷᠢᠮᠲᠠᠯᠠᠵᠤ᠂ ︽ᠪᠦᠭᠦ ᠲᠠᠯ᠎ᠠ ᠶᠢᠨ ᠬᠢᠭᠡᠳ | ᠳᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠪᠣᠯᠣᠨ ︽ | ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠠᠬᠢᠴᠠ ᠶᠢ | ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ — ᠫᠧᠷᠦ᠋ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠳᠡᠰ | ᠳᠡᠪᠰᠢᠭᠦᠯᠬᠦ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ — ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ ᠳᠡᠰ | ᠳᠡᠪᠰᠢᠭᠦᠯᠦᠭᠰᠡᠨ ᠬᠡᠯᠡᠯᠴᠡᠭᠡ ᠶᠢ ᠦᠨᠡᠨ ᠪᠣᠳᠠᠲᠠᠢ ᠳᠠᠭᠤᠰᠬᠠᠵᠤ᠂ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ | ᠬᠢᠨ ᠲᠠᠢ ᠲᠣᠭᠠᠴᠢᠯᠠᠭᠰᠠᠨ ᠪᠠ ᠪᠣᠬᠢᠷᠳᠤᠯ ᠦᠭᠡᠢ ᠶᠢᠨ ᠬᠦᠷᠢᠶᠡᠨ ᠳᠠᠬᠢ ᠠᠷᠠᠯᠵᠢᠶᠠᠨ ᠤ ᠬᠡᠯᠡᠯᠴᠡᠭᠡᠷ ᠢ ᠰᠦᠪᠡᠭᠴᠢᠯᠡᠨ | ᠵᠥᠪᠳᠡᠯᠴᠡᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ | ᠲᠣᠣᠷ ᠢ ᠦᠷᠭᠦᠯᠵᠢᠯᠡᠨ ᠥᠷᠭᠡᠳᠬᠡᠨ᠎ᠡ᠃ | ᠬᠤᠶᠠᠷ ᠲᠤ᠂ ᠪᠣᠬᠢᠷᠳᠤᠯ ᠦᠭᠡᠢ ᠰᠢᠨ᠎ᠡ ᠶᠢ ᠡᠭᠦᠳᠬᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠨᠡᠮᠡᠭᠳᠡᠯ ᠤᠨ | ᠬᠥᠳᠡᠯᠭᠡᠬᠦ ᠬᠦᠴᠦᠨ ᠢ ᠪᠣᠶᠢᠵᠢᠭᠤᠯᠤᠶ᠎ᠠ᠃ ᠪᠢᠳᠡ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠭᠢᠶᠠᠯ ᠢ ᠪᠠᠲᠤ ᠡᠵᠡᠮᠳᠡᠵᠦ᠂ ᠵᠣᠬᠢᠶᠠᠮᠠᠯ ᠤᠶᠤᠨ | ᠴᠢᠳᠠᠪᠤᠷᠢ᠂ ᠺᠸᠠᠨ᠋ᠲ ᠤᠨ ᠮᠡᠳᠡᠭᠡ ᠵᠠᠩᠭᠢ᠂ ᠠᠮᠢ ᠨᠠᠰᠤ ᠡᠷᠡᠭᠦᠯ ᠮᠡᠨᠳᠦ ᠵᠡᠷᠭᠡ ᠬᠤᠰᠢᠭᠤᠷᠠᠯ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ | ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠦᠢᠯᠡᠳᠪᠦᠷᠢᠯᠡᠯ ᠤᠨ ᠬᠦᠴᠦᠨ ᠤ ᠦᠰᠦᠷᠦᠯᠲᠡ ᠶᠢ ᠠᠬᠢᠭᠤᠯᠤᠶ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠠᠷᠪᠢᠯᠠᠨ ᠡᠷᠴᠢᠮᠵᠢᠭᠦᠯᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ | ᠪᠠᠶᠢᠭᠤᠯᠤᠶ᠎ᠠ᠃ ᠲᠣᠭᠠᠴᠢᠯᠠᠭᠰᠠᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠠᠮᠵᠢᠯᠴᠠᠨ | ᠬᠦᠴᠦᠯᠡᠨ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ | ᠰᠢᠨ᠎ᠡ ᠳᠠᠪᠠᠭᠤᠯᠢᠭ ᠢ ᠪᠤᠢ ᠪᠣᠯᠭᠠᠶ᠎ᠠ᠃ | ᠳᠤᠮᠳᠠᠳᠤ ᠤᠯᠤᠰ ᠶᠠᠭ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ᠡᠯ᠎ᠡ ᠲᠠᠯ᠎ᠠ ᠶᠢᠨ ᠬᠢᠨ ᠤ ᠪᠣᠬᠢᠷᠳᠤᠯ ᠦᠭᠡᠢ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ᠪᠠᠶᠢᠨ᠎ᠠ᠃ ᠳᠤᠮᠳᠠᠳᠤ ᠤᠯᠤᠰ ︽ᠪᠦᠭᠦ ᠪᠥᠮᠪᠥᠷᠴᠡᠭ ᠤᠨ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ | ᠬᠠᠮᠲᠤᠷᠠᠯᠴᠠᠭᠠᠨ ᠤ ᠰᠠᠨᠠᠭᠠᠴᠢᠯᠠᠭ᠎ᠠ︾ ᠶᠢ ᠨᠡᠶᠢᠲᠡᠯᠡᠵᠦ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠥᠨᠳᠥᠷ ᠪᠦᠲᠦᠮᠵᠢᠲᠡᠢ᠂ ᠳᠥᠭᠦᠮ ᠲᠦᠷᠭᠡᠨ᠂ ᠠᠮᠤᠷ ᠲᠦᠪᠰᠢᠨ ᠳ᠋ᠠᠶᠢᠲ᠋ᠠ ᠶᠢᠨ ᠬᠢᠯᠢ ᠠᠯᠤᠰᠯᠠᠨ | ᠰᠢᠯᠵᠢᠭᠦ ᠶᠢ ᠬᠠᠮᠲᠤ ᠪᠠᠷ ᠠᠬᠢᠭᠤᠯᠤᠨ᠎ᠠ᠃ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠠᠷᠠᠯᠵᠢᠶᠠᠨ ᠤ ᠬᠠᠭᠤᠳᠠᠰᠤ ᠪᠠᠷᠢᠮᠲᠠ ᠶᠢᠨ ᠲᠣᠭᠠᠴᠢᠯᠠᠯᠳᠠ᠂ | ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠴᠢᠳᠠᠪᠤᠷᠢ ᠶᠢᠨ ᠪᠠᠶᠢᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠶᠢᠨ | ᠰᠣᠯᠢᠯᠴᠠᠭ᠎ᠠ ᠶᠠᠷᠢᠯᠴᠠᠭ᠎ᠠ᠂ ᠠᠮᠤ ᠪᠤᠳᠠᠭᠠᠨ ᠤ ᠠᠵᠤ ᠦᠢᠯᠡᠰ ᠤᠨ ᠲᠣᠭᠠᠴᠢᠯᠠᠯᠳᠠ ᠵᠡᠷᠭᠡ ᠰᠠᠨᠠᠭᠠᠴᠢᠯᠠᠭ᠎ᠠ ᠶᠢ ᠳᠤᠷᠠᠳᠴᠤ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ | ᠭᠤᠷᠪᠠ ᠳᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠶ᠎ᠠ᠃ ᠪᠢᠳᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠠᠪᠴᠠᠩ ᠢ ᠰᠠᠶᠢᠲᠤᠷ ᠠᠰᠢᠭᠯᠠᠵᠤ᠂ ᠠᠵᠤ ᠠᠬᠤᠢ | ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠠᠵᠤ ᠠᠬᠤᠢ ᠶᠢᠨ ᠴᠣᠭᠴᠠ ᠪᠣᠯᠣᠨ | ᠪᠠᠭᠤᠷᠠᠶᠢᠴᠤᠤᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠦᠷ᠎ᠡ ᠠᠰᠢᠭ ᠢ | ᠬᠠᠮᠲᠤ ᠪᠠᠷ ᠪᠤᠵᠠᠭᠠᠶᠢᠷᠠᠭᠤᠯᠤᠨ ᠰᠠᠶᠢᠲᠤᠷ ᠬᠤᠪᠢᠶᠠᠵᠤ᠂ ᠨᠡᠩ ᠤᠯᠠᠨ ᠠᠵᠤ ᠠᠬᠤᠢ ᠶᠢᠨ ᠴᠣᠭᠴᠠ᠂ ᠨᠡᠩ ᠤᠯᠠᠨ ᠠᠷᠠᠳ | ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠶ᠎ᠡ᠃ | ᠡᠨᠡ ᠵᠢᠯ᠂ ᠫᠧᠷᠦ᠋ ᠶᠢᠨ ᠬᠢᠨ ᠵᠢᠩᠬᠢᠨᠢᠴᠢᠯᠡᠭᠰᠡᠨ ᠪᠤᠰᠤ ᠠᠵᠤ ᠠᠬᠤᠢ ᠪᠣᠯᠣᠨ ᠪᠦᠭᠦ ᠪᠥᠮᠪᠥᠷᠴᠡᠭ ᠤᠨ ᠠᠵᠤ ᠠᠬᠤᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠭᠰᠠᠨ ᠨᠢ ᠳᠤᠮᠳᠠᠳᠤ ᠤᠯᠤᠰ ᠤᠨ | ᠬᠥᠮᠥᠨ ᠢᠶᠠᠷ ᠦᠨᠳᠦᠰᠦ ᠪᠤᠯᠭᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ | ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠬᠥᠭᠵᠢᠯᠲᠡ ᠶᠢᠨ ᠣᠶᠢᠯᠠᠭᠠᠭᠳᠠᠬᠤᠨ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ | ᠪᠠᠶᠢᠨ᠎ᠠ᠂ ᠳᠤᠮᠳᠠᠳᠤ ᠤᠯᠤᠰ ᠡᠭᠦᠨ ᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠳᠡᠭᠡᠭᠰᠢᠯᠡᠭᠦᠯᠭᠦ᠂ ᠳᠤᠮᠳᠠ ᠪᠠᠭ᠎ᠠ ᠠᠵᠤ ᠠᠬᠤᠶᠢᠯᠠᠯ ᠤᠨ ᠪᠦᠯᠦᠭᠵᠢᠯ ᠤᠨ ᠮᠠᠶ᠋ᠢᠭ ᠤᠨ ᠬᠥᠭᠵᠢᠯᠲᠡ ᠶᠢ | ᠠᠬᠢᠭᠤᠯᠬᠤ ᠵᠡᠷᠭᠡ ᠰᠠᠨᠠᠭᠠᠴᠢᠯᠠᠭ᠎ᠠ ᠶᠢ ᠬᠡᠷᠡᠭᠵᠢᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ | ᠠᠬᠤᠢ ᠶᠢᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ 2026 | ᠣᠨ ᠤ ᠡᠷᠭᠢᠯᠡᠭᠴᠢ ᠤᠯᠤᠰ ᠤᠨ ᠡᠭᠦᠷᠭᠡ ᠶᠢ ᠬᠠᠷᠢᠭᠤᠴᠠᠨ᠎ᠠ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ | | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠷᠠᠳ ᠲᠦᠮᠡᠨ ᠳᠤ ᠪᠤᠶᠠᠨ | ᠦᠢᠯᠡᠳᠬᠦ ᠶᠢ ᠬᠦᠰᠡᠨ ᠬᠦᠯᠢᠶᠡᠶ᠎ᠡ᠃ | | ᠬᠠᠮᠲᠤ ᠠᠵᠢᠯᠯᠠᠭᠰᠠᠳ ᠠ᠋︕ | ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠪᠣᠯᠣᠨ ᠳᠡᠯᠡᠬᠡᠢ ᠶᠢᠨ ᠬᠠᠮᠲᠤ ᠶᠢᠨ ᠬᠥᠭᠵᠢᠯᠲᠡ | ᠲᠠᠪᠰᠢᠯᠳᠠ ᠶᠢᠨ ᠲᠡᠦᠬᠡᠨ ᠠᠬᠢᠴᠠ ᠮᠥᠨ᠃ ᠬᠡᠳᠦᠨ ᠰᠠᠷ᠎ᠠ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠪᠦᠭᠦᠳᠡ ᠬᠤᠷᠠᠯ ᠠᠴᠠ 300 ᠭᠠᠷᠤᠢ ᠵᠦᠢᠯ ᠤᠨ | ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠭᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠵᠡᠷᠭᠡ ᠡᠯ᠎ᠡ | ᠬᠦᠷᠢᠶᠡᠨ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠳᠤᠮᠳᠠᠳᠤ ᠤᠯᠤᠰ ᠤᠨ ᠬᠥᠭᠵᠢᠯᠲᠡ ᠨᠢ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠪᠠ ᠳᠡᠯᠡᠬᠡᠢ ᠶᠢᠨ ᠬᠥᠭᠵᠢᠯᠲᠡ ᠳᠤ ᠨᠡᠩ ᠤᠯᠠᠨ ᠰᠢᠨ᠎ᠡ ᠠᠵᠠ ᠲᠣᠭᠢᠶᠠᠯ ᠬᠠᠩᠭᠠᠬᠤ | ᠪᠣᠯᠣᠨ᠎ᠠ᠃ | ᠳᠤᠮᠳᠠᠳᠤ ᠤᠯᠤᠰ ᠤᠨ ᠡᠷᠲᠡᠨ ᠤ ᠬᠥᠮᠥᠨ᠄ ︽ᠥᠪᠡᠷ ᠢᠶᠠᠨ ᠣᠷᠣᠰᠢᠨ ᠲᠣᠭᠲᠠᠨᠢᠶᠠ ᠬᠡᠮᠡᠪᠡᠰᠦ ᠪᠤᠰᠤᠳ ᠢ ᠴᠤ | ᠣᠷᠣᠰᠢᠨ ᠲᠣᠭᠲᠠᠨᠢᠭᠤᠯᠤᠮᠤᠢ᠂ | ᠥᠪᠡᠷ ᠢᠶᠠᠨ ᠬᠥᠭᠵᠢᠨ ᠮᠠᠨᠳᠤᠶᠠ ᠬᠡᠮᠡᠪᠡᠰᠦ ᠪᠤᠰᠤᠳ ᠢ ᠴᠤ ᠬᠥᠭᠵᠢᠨ ᠮᠠᠨᠳᠤᠭᠤᠯᠤᠮᠤᠢ︾ ᠭᠡᠵᠦ ᠬᠡᠯᠡᠭᠰᠡᠨ ᠪᠠᠶᠢᠳᠠᠭ᠃ | ᠯᠠᠲ᠋ᠢᠨ ᠠᠮᠧᠷᠢᠺᠠ ᠳᠤ ᠪᠠᠰᠠ ︽ᠭᠠᠭᠴᠠ ᠬᠦ ᠳᠡᠯᠡᠬᠡᠢ ᠳ᠋ᠠᠬᠢᠨ ᠳᠤ ᠠᠰᠢᠭᠲᠠᠢ ᠪᠠᠶᠢᠪᠠᠯ ᠰᠠᠶ᠋ᠢ ᠲᠤᠰ ᠤᠯᠤᠰ ᠲᠠᠭᠠᠨ ᠠᠰᠢᠭ | ᠬᠦᠷᠲᠡᠭᠡᠵᠦ ᠴᠢᠳᠠᠨ᠎ᠠ︾ ᠭᠡᠬᠦ ᠰᠡᠴᠡᠨ ᠦᠭᠡ ᠪᠠᠶᠢᠳᠠᠭ᠃ ᠳᠤᠮᠳᠠᠳᠤ ᠶᠢᠨ ᠲᠠᠯ᠎ᠠ ᠡᠯ᠎ᠡ ᠲᠠᠯ᠎ᠠ ᠶᠢᠨ ᠬᠢᠨ ᠤ ᠦᠷᠭᠦᠯᠵᠢᠯᠡᠨ | ᠳᠤᠮᠳᠠᠳᠤ ᠤᠯᠤᠰ ᠤᠨ ᠬᠥᠭᠵᠢᠯᠲᠡ ᠶᠢᠨ ᠲᠦᠷᠭᠡᠨ ᠤ ᠲᠡᠷᠭᠡᠨ ᠳᠤ ᠰᠠᠭᠤᠵᠤ᠂ ᠳᠤᠮᠳᠠᠳᠤ ᠤᠯᠤᠰ ᠤᠨ ᠠᠵᠤ ᠠᠬᠤᠢ | ᠯᠤᠭ᠎ᠠ ᠬᠠᠮᠲᠤ ᠪᠠᠷ ᠬᠥᠭᠵᠢᠵᠦ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ | ᠴᠡᠴᠡᠭᠯᠡᠨ ᠬᠥᠭᠵᠢᠭᠰᠡᠨ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ | ᠴᠢᠷᠮᠠᠶᠢᠬᠤ ᠶᠢ ᠪᠠᠶᠠᠷᠯᠠᠨ ᠤᠭᠲᠤᠵᠤ ᠪᠠᠶᠢᠨ᠎ᠠ᠃ | | ᠣᠯᠠᠨ ᠳᠤ ᠪᠠᠶᠠᠷᠯᠠᠯ᠎ᠠ᠃ | | ︵ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 16 ᠤ ᠴᠠᠭᠢᠯᠭᠠᠨ ᠮᠡᠳᠡᠭᠡ︶ | | | | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | |