ᠨᠡᠶᠢᠲᠡᠯᠡᠭᠰᠡᠨ ᠴᠠᠭ᠄ 2024/11/20 | | ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 18 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠽᠧᠦ ᠸᠧᠢ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 11 ᠳ᠋ᠦ᠋ᠭᠡᠷ | ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠵᠡᠭᠦᠯᠭᠡ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠲᠡᠷᠡ ᠴᠢᠬᠤᠯᠴᠢᠯᠠᠬᠤ ᠳᠤ ᠪᠠᠨ᠂ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠪᠠᠷ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠳᠠᠮᠵᠢ ᠣᠯᠭᠤᠨ᠂ ᠠᠮᠤᠷ | ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠣᠶᠣᠨᠲᠤ ᠰᠠᠶᠢᠨ ᠭᠡᠷ ᠪᠠᠶᠢᠰᠢᠩ ᠢ ᠴᠢᠷᠮᠠᠶᠢᠨ ᠪᠠᠶᠢᠭᠤᠯᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠪᠠᠶᠢᠭᠤᠯᠬᠤ ᠶᠢ ᠠᠬᠢᠭᠤᠯᠤᠨ᠂ ᠠᠷᠠᠳ | ᠤᠯᠠᠨ ᠤ ᠰᠠᠶᠢᠨ ᠴᠢᠨᠠᠷ ᠴᠢᠨᠰᠠᠭ᠎ᠠ ᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ | ᠬᠡᠷᠡᠭᠲᠡᠢ᠃ | | 11 ᠰᠠᠷ᠎ᠠ ᠶᠢᠨ 18 ᠤ ᠡᠳᠦᠷ᠂ ᠳᠣᠮᠳᠠᠳᠦ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠪᠡᠭᠡᠵᠢᠩ ᠳᠤ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠵᠡᠭᠦᠯᠭᠡ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ | ᠪᠥᠸᠧ ᠬᠥ᠋ ᠰᠡᠭᠦᠳᠡᠷᠯᠡᠪᠡ | ︽ᠰᠠᠶᠢᠨ ᠰᠠᠶᠢᠬᠠᠨ ᠠᠮᠢᠳᠤᠷᠠᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠮᠵᠢ ᠣᠯᠭᠤᠵᠤ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠡᠭᠦᠳᠦᠯᠲᠡ ᠲᠠᠢ ᠪᠠᠷ ᠬᠥᠲᠥᠯᠥᠨ ᠳᠠᠭᠠᠭᠤᠯᠤᠨ᠎ᠠ︾ ᠬᠡᠮᠡᠬᠦ ᠭᠤᠣᠯ | ᠰᠡᠳᠦᠪᠲᠦ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠪᠡᠭᠡᠵᠢᠩ ᠳᠤ | ᠶᠠᠪᠤᠭᠳᠠᠵᠤ ᠪᠠᠶᠢᠨ᠎ᠠ᠃ | ᠯᠢ ᠴᠢᠶᠠᠩ ᠦᠵᠡᠭᠦᠯᠭᠡ ᠶᠢᠨ ᠲᠢᠩᠬᠢᠮ ᠳᠤ ᠣᠷᠣᠵᠤ᠂ ᠰᠢᠨ᠎ᠡ ᠪᠠᠷ ᠪᠠᠷᠢᠭᠰᠠᠨ ᠭᠡᠷ ᠪᠠᠶᠢᠰᠢᠩ᠂ ᠬᠠᠭᠤᠴᠢᠨ ᠢ | ᠵᠠᠰᠠᠨ ᠰᠢᠨᠡᠳᠬᠡᠭᠰᠡᠨ ᠭᠡᠷ ᠪᠠᠶᠢᠰᠢᠩ ᠤᠨ ᠵᠠᠭᠪᠤᠷ ᠥᠷᠥᠭᠡ ᠬᠢᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠦᠢᠯᠡᠳᠬᠦᠨ ᠵᠡᠷᠭᠡ ᠶᠢ ᠲᠣᠭᠤᠷᠢᠨ ᠦᠵᠡᠪᠡ᠃ ᠯᠢ | ᠴᠢᠶᠠᠩ ᠴᠢᠬᠤᠯᠠᠴᠢᠯᠠᠬᠤ ᠳᠤ ᠪᠠᠨ᠂ ᠣᠳᠣᠬᠠᠨ ᠳᠤ ᠮᠠᠨ ᠤ ᠤᠯᠤᠰ ᠤᠨ ᠣᠷᠣᠨ ᠰᠠᠭᠤᠴᠠ ᠶᠢᠨ ᠬᠥᠭᠵᠢᠯᠲᠡ ᠶᠠᠭ ︽ | ᠪᠠᠶᠢᠬᠤ ᠡᠰᠡᠬᠦ︾ ᠠᠴᠠ ᠪᠠᠨ ︽ᠰᠠᠶᠢᠨ ᠡᠰᠡᠬᠦ︾ ᠲᠡᠶᠢᠰᠢ ᠰᠢᠯᠵᠢᠵᠦ ᠪᠠᠶᠢᠨ᠎ᠠ᠂ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ | ᠴᠢᠳᠠᠮᠵᠢ᠂ ᠴᠢᠨᠠᠷ ᠴᠢᠨᠰᠠᠭ᠎ᠠ᠂ ᠪᠡᠶᠡᠴᠢᠯᠡᠨ ᠮᠡᠳᠡᠷᠡᠬᠦ ᠵᠡᠷᠭᠡ ᠲᠠᠯ᠎ᠠ ᠠᠴᠠ ᠡᠭᠦᠰᠴᠦ᠂ ᠠᠳᠠᠯᠢ ᠪᠤᠰᠤ ᠣᠷᠣᠨ | ᠰᠠᠭᠤᠴᠠ ᠶᠢᠨ ᠳᠠᠳᠬᠠᠯ ᠲᠠᠢ᠂ ᠠᠳᠠᠯᠢ ᠪᠤᠰᠤ ᠨᠠᠰᠤᠨ ᠤ ᠱᠠᠲᠤ ᠦᠶ᠎ᠡ ᠲᠠᠢ᠂ ᠠᠳᠠᠯᠢ ᠪᠤᠰᠤ ᠠᠵᠤ ᠠᠬᠤᠢ ᠶᠢᠨ | ᠴᠢᠳᠠᠪᠤᠷᠢ ᠲᠠᠢ ᠵᠡᠷᠭᠡ ᠬᠥᠮᠥᠰ ᠤᠨ ᠬᠡᠷᠡᠭᠴᠡᠭᠡ ᠱᠠᠭᠠᠷᠳᠠᠯᠭ᠎ᠠ᠂ ᠢᠯᠠᠩᠭᠤᠶ᠎ᠠ ᠨᠠᠰᠤᠵᠢᠯ ᠳᠤ ᠲᠣᠬᠢᠷᠠᠬᠤ᠂ ᠬᠡᠦᠬᠡᠳ ᠲᠤ | ᠡᠪᠯᠢᠭ ᠪᠠᠶᠢᠬᠤ ᠵᠡᠷᠭᠡ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ | ᠨᠢ ᠲᠣᠬᠢᠷᠠᠭᠤᠯᠤᠨ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ᠂ ᠮᠡᠷᠭᠡᠵᠢᠯ ᠢᠶᠠᠷ ᠴᠢᠳᠠᠮᠵᠢ ᠣᠯᠭᠤᠬᠤ ᠶᠢ ᠴᠢᠩᠭᠠᠷᠠᠭᠤᠯᠤᠨ ᠰᠢᠨ᠎ᠡ ᠭᠡᠷ ᠪᠠᠶᠢᠰᠢᠩ ᠢ ᠰᠠᠶᠢᠨ ᠭᠡᠷ ᠪᠠᠶᠢᠰᠢᠩ | ᠪᠣᠯᠭᠠᠨ ᠪᠦᠲᠦᠭᠡᠨ ᠪᠠᠶᠢᠭᠤᠯᠬᠤ ᠪᠠᠷ ᠦᠯᠦ ᠪᠠᠷᠠᠮ ᠰᠢᠨᠵᠢᠯᠡᠬᠦ ᠤᠬᠠᠭᠠᠨᠴᠢ ᠪᠠᠷ ᠥᠭᠡᠷᠡᠴᠢᠯᠡᠨ ᠰᠢᠨᠡᠳᠬᠡᠵᠦ ᠪᠠᠶᠢᠭᠠᠳ | ᠬᠠᠭᠤᠴᠢᠨ ᠭᠡᠷ ᠪᠠᠶᠢᠰᠢᠩ ᠢ ᠰᠠᠶᠢᠨ ᠭᠡᠷ ᠪᠠᠶᠢᠰᠢᠩ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠯᠢ ᠴᠢᠶᠠᠩ ᠪᠠᠶᠢᠴᠠᠭᠠᠨ ᠰᠤᠳᠤᠯᠤᠯᠲᠠ ᠳᠤᠮᠳᠠ ᠪᠠᠨ ︽ᠭᠡᠷ – ᠲᠡᠷᠭᠡ – ᠰᠦᠯᠵᠢᠶ᠎ᠡ︾ ᠠᠭᠤᠰᠤᠯᠴᠠᠭᠰᠠᠨ | ᠪᠣᠬᠢᠷᠲᠤᠯ ᠦᠭᠡᠢ ᠣᠶᠤᠨᠲᠤ ᠣᠷᠣᠨ ᠰᠠᠭᠤᠴᠠ ᠶᠢᠨ ᠦᠢᠯᠡᠳᠬᠦᠨ ᠤ ᠵᠠᠭᠪᠤᠷ ᠦᠷᠦᠭᠡ᠂ ᠭᠡᠷᠡᠯᠴᠢ ᠴᠡᠨᠡᠭ ᠤᠨ ᠬᠡᠷᠡᠮ | ᠬᠠᠨ᠎ᠠ ᠵᠡᠷᠭᠡ ᠶᠢ ᠪᠠᠶᠢᠴᠠᠭᠠᠨ ᠦᠵᠡᠵᠦ᠂ ᠵᠥᠭᠡᠭᠡᠪᠦᠷᠢᠯᠡᠬᠦ ᠮᠠᠰᠢᠨ ᠬᠥᠮᠥᠨ᠂ ᠬᠡᠢ ᠳᠡᠭᠡᠭᠦᠷ ᠠᠰᠠᠷ ᠪᠠᠷᠢᠬᠤ ᠮᠠᠰᠢᠨ ᠵᠡᠷᠭᠡ | ᠰᠢᠨ᠎ᠡ ᠮᠡᠷᠭᠡᠵᠢᠯ ᠰᠢᠨ᠎ᠡ ᠬᠡᠷᠡᠭᠯᠡᠭᠡᠨ ᠤ ᠲᠠᠨᠢᠯᠴᠠᠭᠤᠯᠭ᠎ᠠ ᠨᠤᠭᠤᠳ ᠢ ᠰᠣᠨᠣᠰᠴᠤ᠂ ᠭᠡᠷ ᠪᠠᠶᠢᠰᠢᠩ ᠤᠨ ᠵᠢᠷᠤᠭ ᠲᠥᠯᠥᠪᠯᠡᠭᠡ | ᠂ ᠪᠠᠷᠢᠯᠭ᠎ᠠ ᠶᠢᠨ ᠮᠡᠷᠭᠡᠵᠢᠯ᠂ ᠪᠦᠲᠦᠭᠡᠨ ᠪᠠᠶᠢᠭᠤᠯᠬᠤ ᠥᠪᠡᠷ ᠤᠨ ᠦᠷᠳᠡᠭ᠂ ᠢᠵᠢ ᠪᠦᠷᠢᠳᠦᠭᠰᠡᠨ ᠦᠢᠯᠡᠴᠢᠯᠡᠭᠡ ᠵᠡᠷᠭᠡ | ᠪᠠᠶᠢᠳᠠᠯ ᠢ ᠨᠠᠷᠢᠨ ᠯᠠᠪᠯᠠᠵᠤ ᠠᠰᠠᠭᠤᠪᠠ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ | ᠮᠠᠲ᠋ᠧᠷᠢᠶᠠᠯ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠨᠢ | ᠶᠠᠭ ᠪᠠᠷᠢᠯᠭ᠎ᠠ ᠶᠢᠨ ᠬᠤᠪᠢᠰᠬᠠᠯ᠂ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠪᠣᠶ ᠪᠣᠯᠭᠠᠵᠤ ᠪᠠᠶᠢᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠴᠦᠲᠡᠢ ᠠᠬᠢᠭᠤᠯᠵᠤ᠂ ᠪᠣᠬᠢᠷᠲᠤᠯ ᠦᠭᠡᠢ ᠪᠣᠯᠭᠠᠬᠤ᠂ | ᠣᠶᠤᠨᠴᠢᠯᠠᠬᠤ ᠂ ᠠᠵᠤ ᠦᠢᠯᠡᠳᠪᠦᠷᠢᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠳᠤ ᠨᠡᠩ ᠶᠡᠭᠡ ᠬᠦᠴᠦ ᠣᠷᠣᠭᠤᠯᠵᠤ᠂ | ᠵᠢᠷᠤᠵᠤ ᠲᠥᠯᠥᠪᠯᠡᠬᠦ᠂ ᠪᠠᠶᠢᠭᠤᠯᠬᠤ ᠪᠠ ᠬᠠᠮᠠᠭᠠᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ ᠪᠠ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ | ᠭᠡᠵᠡᠢ᠃ |  11 ᠰᠠᠷ᠎ᠠ ᠶᠢᠨ 18 ᠤ ᠡᠳᠦᠷ᠂ ᠳᠣᠮᠳᠠᠳᠦ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠶᠢ ᠲᠣᠭᠤᠷᠢᠨ | ᠦᠵᠡᠵᠦ ᠪᠠᠶᠢᠴᠠᠭᠠᠨ ᠰᠤᠳᠤᠯᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠥᠸᠧ ᠬᠥ᠋ ᠰᠡᠭᠦᠳᠡᠷᠯᠡᠪᠡ | | ᠱᠠᠩᠬᠠᠢ ᠶᠢᠨ ᠵᠢᠶᠠᠨ ᠭᠦᠸᠧ ᠵᠡᠭᠦᠨ ᠵᠠᠮ ᠤᠨ ᠲᠡᠦᠬᠡ ᠶᠢᠨ ᠳᠦᠷᠰᠦ ᠪᠠᠶᠢᠳᠠᠯ ᠢ ᠬᠠᠮᠠᠭᠠᠯᠠᠬᠤ ᠵᠢᠴᠢ | ᠬᠤᠳᠠ ᠵᠢᠨᠰᠢᠨᠡᠳᠬᠡᠵᠦ ᠵᠠᠰᠠᠬᠤ ᠢᠨᠵᠧᠨᠧᠷᠢᠩ᠂ ᠪᠡᠭᠡᠵᠢᠩ ᠤᠨ ᠬᠤᠸᠠ ᠫᠢ ᠴᠠᠩ ᠭᠤᠳᠤᠮᠵᠢ ᠶᠢᠨ 8 ᠳ᠋ᠤᠭᠠᠷ | ᠨᠣᠮᠧᠷ ᠲᠠᠬᠢ ︽ᠤᠤᠯ ᠤᠨ ᠬᠢ ᠨᠢ ᠨᠤᠷᠠᠭᠠᠵᠤ ᠤᠤᠯ ᠶᠣᠰᠣᠭᠠᠷ ᠨᠢ ᠳᠠᠬᠢᠨᠲᠠ ᠪᠠᠷᠢᠬᠤ︾ ᠶᠢᠨ ᠮᠣᠳᠦ᠋ᠯᠴᠢᠯᠡᠭᠰᠡᠨ | ᠰᠠᠶᠢᠨ ᠪᠠᠶᠢᠰᠢᠩ ᠵᠡᠷᠭᠡ ᠶᠢᠨ ᠦᠵᠡᠭᠦᠯᠭᠡ ᠶᠢ ᠰᠣᠨᠢᠷᠬᠠᠬᠤ ᠳᠤ ᠪᠠᠨ᠂ ᠯᠢ ᠴᠢᠶᠠᠩ᠂ ᠬᠤᠳᠠ ᠶᠢᠨ ᠰᠢᠨᠡᠴᠢᠯᠠᠵᠤ ᠵᠠᠰᠠᠬᠤ | ᠠᠵᠢᠯ ᠪᠣᠯ ᠣᠳᠣᠬᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠴᠢᠬᠤᠯᠠ ᠡᠭᠦᠷᠭᠡ ᠮᠥᠨ᠂ | ᠡᠭᠦᠨ ᠳᠤ ᠯᠤᠲᠤ ᠶᠡᠭᠡ ᠬᠥᠭᠵᠢᠯᠲᠡ ᠶᠢᠨ ᠨᠥᠭᠡᠴᠡ ᠬᠦᠴᠦᠨ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠨ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨ ᠤ | ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠥᠯᠥᠪᠵᠢᠭᠦᠯᠭᠡ ᠬᠢᠬᠦ ᠳᠤ ᠪᠠᠨ ᠰᠢᠨ᠎ᠡ ᠡᠭᠦᠳᠦᠯᠲᠡ ᠲᠠᠢ | ᠪᠠᠶᠢᠬᠤ ᠶᠢ ᠠᠬᠢᠭᠤᠯᠵᠤ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠰᠠᠶᠢᠨ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠳᠤ ᠲᠦᠷᠦ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠬᠤᠳᠠ ᠪᠠᠯᠭᠠᠰᠤᠨ ᠤ ᠬᠠᠭᠤᠴᠢᠨ | ᠲᠣᠭᠤᠷᠢᠭ᠂ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ | ᠵᠠᠰᠠᠬᠤ ᠠᠵᠢᠯ ᠢᠶᠠᠨ ᠰᠠᠶᠢᠲᠤᠷ ᠠᠳᠬᠤᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠭᠦᠴᠡᠯ ᠢ ᠰᠠᠶᠢᠵᠢᠷᠠᠭᠤᠯᠬᠤ | ᠬᠡᠷᠡᠭᠲᠡᠢ᠃ ᠬᠤᠳᠠ ᠶᠢᠨ ᠰᠢᠨᠡᠴᠢᠯᠡᠵᠦ ᠵᠠᠰᠠᠬᠤ ᠠᠵᠢᠯ ᠳᠤ ᠤᠯᠠᠨ ᠲᠦᠮᠡᠨ ᠤ ᠰᠠᠨᠠᠯ ᠢ ᠭᠦᠢᠴᠡᠳ ᠰᠣᠨᠣᠰᠬᠤ ᠪᠠ | ᠰᠠᠨᠠᠯ ᠢ ᠨᠢ ᠬᠦᠨᠳᠦᠳᠬᠡᠵᠦ᠂ ᠲᠡᠦᠬᠡ ᠰᠣᠶᠣᠯ ᠤᠨ ᠬᠠᠮᠠᠭᠠᠯᠠᠯᠲᠠ ᠵᠠᠯᠭᠠᠮᠵᠢᠯᠠᠯ ᠢ ᠴᠢᠩᠭᠠᠳᠬᠠᠵᠤ᠂ ᠡᠶ᠎ᠡ ᠵᠣᠬᠢᠴᠠᠯ ᠲᠠᠢ | ᠬᠤᠳᠠ ᠶᠢ ᠬᠠᠮᠲᠤ ᠪᠠᠷ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠢᠯᠡᠷᠬᠡᠶᠢᠯᠡᠪᠡ | ᠃ | ᠦ᠋ ᠵᠧᠩ ᠯᠦᠩ ᠪᠠᠷ᠎ᠠ ᠪᠣᠯᠣᠯᠴᠠᠪᠠ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ |