ᠨᠡᠶᠢᠲᠡᠯᠡᠭᠰᠡᠨ ᠴᠠᠭ᠄ 2024/11/20 | | ᠵᠦᠢ ᠶᠣᠰᠣ ᠶᠢ ᠨᠢ ᠣᠯᠪᠠᠰᠤ ᠣᠷᠣᠭᠤᠯᠤᠭᠰᠠᠨ ᠬᠦᠴᠦ ᠨᠢ ᠪᠠᠭ᠎ᠠ ᠠᠲᠠᠯ᠎ᠠ ᠪᠠᠨ ᠣᠯᠣᠭᠰᠠᠨ ᠠᠮᠵᠢᠯᠲᠠ ᠨᠢ ᠶᠡᠭᠡ | ᠪᠠᠶᠢᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ︽ᠬᠤᠶᠠᠷ ᠭᠠᠷ ᠢᠶᠠᠨ ᠵᠡᠷᠭᠡ ᠪᠠᠷ ᠬᠡᠷᠡᠭᠯᠡᠬᠦ︾ | ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ ᠄ ︽ᠳᠣᠣᠷ᠎ᠠ ᠪᠠᠨ ᠰᠠᠭᠤᠷᠢ ᠲᠠᠢ ᠳᠣᠲᠣᠷ᠎ᠠ ᠪᠠᠨ | ᠲᠤᠭ᠎ᠠ ᠲᠠᠢ᠂ ᠤᠬᠠᠭᠠᠨ ᠨᠠᠷᠢᠨ ᠪᠣᠳᠣᠯᠭ᠎ᠠ ᠨᠢᠮᠪᠠᠢ ᠪᠣᠯᠪᠠᠰᠤ ᠦᠵᠦ ᠲᠥᠯᠥᠪᠯᠡᠭᠡ ᠬᠢᠵᠦ ᠪᠠᠶᠢᠭᠠᠷᠠᠢ︔ ᠳᠣᠲᠣᠷ᠎ᠠ ᠪᠠᠨ | ᠲᠤᠭ᠎ᠠ ᠦᠭᠡᠢ᠂ ᠪᠣᠯᠪᠠᠰᠤᠷᠠᠩᠭᠤᠢ ᠪᠣᠯᠣᠭᠠᠳᠤᠢ ᠶᠤᠮ ᠪᠣᠯ ᠵᠠᠮ ᠬᠠᠶᠢᠬᠤ ᠶᠢᠨ ᠳᠠᠭᠠᠤ ᠤᠷᠤᠭᠰᠢᠯᠠᠬᠤ ᠶᠢ | ᠪᠣᠳᠣᠯᠬᠢᠯᠠᠭᠠᠷᠠᠢ︾ ᠭᠡᠵᠡᠢ᠃ | ᠦᠵᠦ ᠲᠥᠯᠥᠪᠯᠡᠭᠡ ᠬᠢᠬᠦ ᠪᠠ ᠵᠠᠮ ᠬᠠᠶᠢᠬᠤ ᠶᠢᠨ ᠳᠠᠭᠠᠤ ᠤᠷᠤᠭᠰᠢᠯᠠᠬᠤ ᠪᠠᠨ ᠪᠣᠳᠣᠯᠬᠢᠯᠠᠬᠤ ᠶᠢ ᠤᠶᠠᠯᠳᠤᠭᠤᠯᠬᠤ ᠶᠢ | ᠪᠠᠷᠢᠮᠲᠠᠯᠠᠬᠤ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠶᠢᠨ ᠣᠨᠣᠯ ᠮᠥᠨ᠃ | | ᠥᠭᠡᠷᠡᠴᠢᠯᠡᠯᠲᠡ ᠨᠢ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠭᠰᠠᠨ ᠤ ᠬᠤᠪᠢ ᠳᠤ᠂ ︽ | ᠲᠥᠯᠥᠪᠯᠡᠭᠡᠨ ᠤ ᠵᠢᠷᠤᠭ︾ ᠪᠠᠶᠢᠬᠤ ᠪᠠᠷ ᠪᠠᠷᠠᠬᠤ ᠦᠭᠡᠢ ᠪᠠᠰᠠ ︽ᠪᠠᠷᠢᠯᠭ᠎ᠠ ᠶᠢᠨ ᠠᠵᠢᠯ ᠤᠨ ᠵᠢᠷᠤᠭ︾ ᠪᠠᠶᠢᠬᠤ | ᠬᠡᠷᠡᠭᠲᠡᠢ᠃ ᠦᠵᠦ ᠲᠦᠯᠦᠪᠯᠡᠭᠡ ᠶᠢ ᠴᠢᠩᠭᠠᠳᠬᠠᠵᠤ᠂ ᠦᠭᠡᠷᠡᠴᠢᠯᠡᠯᠲᠡ ᠶᠢᠨ ᠠᠭᠤᠯᠭ᠎ᠠ ᠶᠢ ᠨᠢᠭᠡᠲᠦᠯᠲᠡᠢ ᠲᠦᠯᠦᠪᠯᠡᠨ | ᠵᠢᠷᠤᠭᠯᠠᠵᠤ᠂ ᠦᠭᠡᠷᠡᠴᠢᠯᠡᠯᠲᠡ ᠶᠢᠨ ᠠᠷᠭ᠎ᠠ ᠵᠠᠮ ᠢ ᠪᠦᠬᠦᠯᠢ ᠴᠣᠭᠴᠠ ᠪᠠᠷ ᠰᠦᠪᠡᠭᠴᠢᠯᠡᠪᠡᠯ ᠰᠠᠶ᠋ᠢ ᠡᠯ᠎ᠡ ᠲᠠᠯ᠎ᠠ ᠶᠢᠨ | ᠦᠭᠡᠷᠡᠴᠢᠯᠡᠯᠲᠡ ᠶᠢ ᠤᠷᠭᠠᠨᠢᠭ ᠢᠶᠠᠷ ᠵᠤᠯᠭᠠᠭᠤᠯᠵᠤ᠂ ᠡᠯ᠎ᠡ ᠵᠦᠢᠯ ᠤᠨ ᠦᠭᠡᠷᠡᠴᠢᠯᠡᠯᠲᠡ ᠶᠢᠨ ᠬᠠᠷᠢᠯᠴᠠᠨ ᠠᠬᠢᠭᠤᠯᠬᠤ᠂ | ᠰᠠᠶᠢᠨ ᠦᠢᠯᠡᠳᠦᠯᠴᠡᠬᠦ ᠶᠢ ᠨᠢ ᠪᠠᠲᠤᠯᠠᠵᠤ᠂ ᠦᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠪᠦᠷᠢᠯᠳᠦᠬᠦᠯᠵᠦ ᠴᠢᠳᠠᠨ᠎ᠠ᠃ | ᠵᠠᠮ ᠬᠠᠶᠢᠬᠤ ᠶᠢᠨ ᠳᠠᠭᠠᠤ ᠤᠷᠤᠭᠰᠢᠯᠠᠬᠤ ᠨᠢ ᠮᠠᠨ ᠤ ᠥᠭᠡᠷᠡᠴᠢᠯᠡᠯᠲᠡ ᠨᠡᠭᠡᠭᠡᠯᠲᠡ ᠶᠢᠨ ᠪᠣᠳᠣᠯᠭ᠎ᠠ ᠪᠣᠯᠤᠨ | ᠠᠷᠭ᠎ᠠ ᠶᠢᠨ ᠲᠤᠬᠠᠢ ᠵᠦᠢᠷᠯᠡᠯ ᠪᠣᠯᠬᠤ ᠶᠤᠮ᠃ ᠦᠢᠯᠡᠳᠦᠯᠭᠡ ᠶᠢᠨ ᠳᠤᠮᠳᠠ᠂ ᠡᠷᠬᠡᠪᠰᠢ ᠰᠢᠪᠲᠤᠯᠤᠯᠲᠠ ᠭᠠᠷᠭᠠᠬᠤ | ᠬᠡᠷᠡᠭᠲᠡᠢ ᠪᠣᠯᠪᠠᠴᠤ ᠬᠠᠷᠠᠬᠠᠨ ᠲᠡᠶᠢᠮᠦ ᠰᠠᠶᠢᠨ ᠡᠵᠡᠮᠳᠡᠵᠦ ᠳᠡᠶᠢᠯᠦᠭᠡ ᠦᠭᠡᠢ ᠥᠭᠡᠷᠡᠴᠢᠯᠡᠯᠲᠡ ᠳᠤ᠂ ᠲᠤᠷᠰᠢᠯᠲᠠ ᠶᠢᠨ | ᠴᠡᠭ ᠢᠶᠠᠷ ᠰᠦᠪᠡᠭᠴᠢᠯᠡᠬᠦ᠂ ᠲᠤᠷᠰᠢᠨ ᠦᠵᠡᠬᠦ ᠠᠷᠭ᠎ᠠ ᠶᠢ ᠠᠪᠴᠤ᠂ ᠲᠤᠷᠰᠢᠯᠲᠠ ᠶᠢᠨ ᠴᠡᠭ ᠤᠨ ᠭᠠᠵᠠᠷ ᠲᠤ | ᠤᠷᠢᠳ ᠢᠶᠠᠷ ᠬᠡᠷᠡᠭᠵᠢᠭᠦᠯᠵᠦ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠲᠤᠷᠰᠢᠯᠭ᠎ᠠ ᠳᠣᠲᠣᠷ᠎ᠠ ᠪᠠᠨ | ᠨᠡᠯᠢᠶᠡᠳ ᠲᠤᠭ᠎ᠠ ᠲᠠᠢ ᠪᠣᠯᠣᠭᠰᠠᠨ ᠤ ᠳᠠᠷᠠᠭ᠎ᠠ ᠰᠠᠶ᠋ᠢ ᠳᠡᠯᠭᠡᠷᠡᠭᠦᠯᠦᠨ᠎ᠡ᠃ ᠡᠨᠡ ᠬᠦ ᠥᠭᠡᠷᠡᠴᠢᠯᠡᠯᠲᠡ ᠶᠢᠨ ᠠᠷᠭ᠎ᠠ ᠨᠢ | ᠳᠤᠮᠳᠠᠳᠤ ᠤᠯᠤᠰ ᠤᠨ ᠤᠯᠤᠰ ᠤᠨ ᠪᠠᠶᠢᠳᠠᠯ ᠲᠠᠢ ᠨᠡᠶᠢᠴᠡᠵᠦ᠂ ᠮᠠᠨ ᠤ ᠤᠯᠤᠰ ᠤᠨ ᠠᠭᠠᠵᠢᠮ ᠢᠶᠠᠷ ᠠᠬᠢᠬᠤ | ᠥᠭᠡᠷᠡᠴᠢᠯᠡᠯᠲᠡ ᠶᠢᠨ ᠣᠨᠴᠠᠯᠢᠭ ᠲᠠᠢ ᠲᠣᠬᠢᠷᠠᠯᠴᠠᠨ᠎ᠠ᠃ | ᠦᠵᠦ ᠲᠥᠯᠥᠪᠯᠡᠭᠡ ᠬᠢᠬᠦ ᠪᠠ ᠵᠠᠮ ᠬᠠᠶᠢᠬᠤ ᠶᠢᠨ ᠳᠠᠭᠠᠤ ᠤᠷᠤᠭᠰᠢᠯᠠᠬᠤ ᠪᠣᠯ ᠬᠤᠪᠢᠰᠤᠩᠭᠤᠢ ᠨᠢᠭᠡᠳᠦᠯᠲᠡᠢ ᠶᠤᠮ᠃ | ᠦᠵᠦ ᠲᠥᠯᠥᠪᠯᠡᠭᠡ ᠨᠢ ᠰᠢᠰᠲ᠋ᠧᠮᠲᠦ ᠰᠡᠳᠬᠢᠬᠦᠢ᠂ ᠪᠦᠬᠦᠯᠢ ᠴᠣᠭᠴᠠᠲᠤ ᠪᠠᠶᠢᠯᠳᠤᠬᠤ ᠪᠤᠳᠤᠯᠭ᠎ᠠ ᠲᠠᠢ ᠪᠠᠶᠢᠬᠤ ᠶᠢ ᠨᠡᠩ | ᠢᠯᠡᠭᠦᠦ ᠴᠢᠬᠤᠯᠠᠴᠢᠯᠠᠵᠤ᠂ ᠵᠠᠮ ᠬᠠᠶᠢᠬᠤ ᠶᠢᠨ ᠳᠠᠭᠠᠤ ᠤᠷᠤᠭᠰᠢᠯᠠᠬᠤ ᠨᠢ ᠵᠣᠷᠢᠭᠲᠠᠢ ᠪᠠᠷ ᠬᠢᠵᠦ ᠵᠣᠷᠢᠭᠲᠠᠢ ᠪᠠᠷ | ᠲᠤᠷᠰᠢᠬᠤ᠂ ᠦᠨᠳᠦᠰᠦᠨ ᠱᠠᠲᠤᠨ ᠳᠤ ᠰᠦᠪᠡᠭᠴᠢᠯᠡᠬᠦ ᠶᠢ ᠨᠡᠩ ᠢᠯᠡᠭᠦᠦ ᠴᠢᠬᠤᠯᠠᠴᠢᠯᠠᠳᠠᠭ᠃ ᠬᠤᠶᠠᠭᠤᠯᠠ ᠶᠢ | ᠵᠣᠬᠢᠴᠠᠭᠤᠯᠤᠨ ᠨᠢᠭᠡᠳᠬᠡᠬᠦ ᠶᠢ ᠪᠠᠷᠢᠮᠲᠠᠯᠠᠪᠠᠯ ᠰᠠᠶ᠋ᠢ ᠤᠷᠤᠭᠰᠢᠯᠠᠬᠤ ᠨᠢ ᠲᠦᠷᠭᠡᠨ ᠮᠥᠷᠲᠡᠭᠡᠨ ᠯᠠᠪᠳᠠᠭᠤᠨ ᠪᠠᠶᠢᠵᠤ᠂ | ᠥᠭᠡᠷᠡᠴᠢᠯᠡᠯᠲᠡ ᠶᠢ ᠲᠠᠰᠤᠷᠠᠯᠲᠠ ᠦᠭᠡᠢ ᠤᠷᠤᠭᠰᠢᠯᠠᠭᠤᠯᠵᠤ ᠴᠢᠳᠠᠨ᠎ᠠ᠃ | ᠬᠤᠷᠢᠶᠠᠯᠲᠠ ᠲᠠᠢ ᠨᠢ ᠬᠤᠯᠪᠤᠭᠳᠠᠭᠤᠯᠤᠨ ᠳᠠᠭᠠᠭᠠᠴᠢᠯᠠᠭᠤᠯᠬᠤ ᠭᠡᠷ ᠪᠦᠯᠢ ᠶᠢᠨ ᠬᠠᠷᠢᠭᠤᠴᠠᠯᠭ᠎ᠠ ᠶᠢᠨ ᠳᠦᠷᠢᠮ ᠢ | ᠠᠯᠬᠤᠮ ᠠᠯᠬᠤᠮ ᠢᠶᠠᠷ ᠳᠡᠯᠭᠡᠷᠡᠭᠦᠯᠬᠦ ᠠᠴᠠ ᠠᠪᠤᠭᠠᠳ ᠠᠵᠤ ᠠᠬᠤᠢ ᠶᠢᠨ ᠣᠨᠴᠠᠭᠠᠢ ᠣᠷᠣᠨ ᠢ ᠵᠠᠯᠭᠠᠭ᠎ᠠ ᠪᠠᠷ | ᠪᠠᠶᠢᠭᠤᠯᠬᠤ ᠬᠦᠷᠲᠡᠯ᠎ᠡ᠂ ᠡᠷᠦᠬᠡ ᠠᠮᠠ ᠶᠢᠨ ᠳᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠳᠤᠮᠳᠠ ᠵᠢᠵᠢᠭ ᠬᠤᠲᠠ | ᠪᠠᠯᠭᠠᠰᠤ ᠠᠴᠠ ᠣᠨᠴᠠ ᠲᠣᠮᠣ ᠬᠡᠯᠪᠡᠷᠢ ᠶᠢᠨ ᠲᠥᠪ ᠬᠤᠲᠠ ᠲᠡᠶᠢᠰᠢ ᠠᠬᠢᠭᠤᠯᠬᠤ ᠬᠦᠷᠲᠡᠯ᠎ᠡ᠂ ᠤᠯᠤᠰ ᠤᠨ ᠬᠢᠨᠠᠨ | ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠲᠤᠷᠰᠢᠯᠲᠠ ᠶᠢᠨ ᠴᠡᠭ ᠠᠴᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠰᠢᠨ᠎ᠡ ᠱᠠᠲᠤ ᠬᠦᠷᠲᠡᠯ᠎ᠡ ᠁ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠠᠭ ᠡᠶᠢᠮᠦ ᠨᠢᠭᠡᠨ ᠵᠠᠮ ᠢᠶᠠᠷ ᠵᠠᠮᠨᠠᠵᠤ | ᠢᠷᠡᠭᠰᠡᠨ ᠶᠤᠮ᠂ ᠥᠭᠡᠷᠡᠴᠢᠯᠡᠯᠲᠡ ᠶᠢ ᠬᠡᠰᠡᠭ ᠲᠠᠯ᠎ᠠ ᠪᠠᠷ ᠰᠦᠪᠡᠭᠴᠢᠯᠡᠬᠦ᠂ ᠮᠥᠰᠥ ᠶᠢ ᠬᠠᠭᠠᠯᠤᠨ ᠪᠦᠰᠡᠯᠡᠯᠲᠡ ᠶᠢ | ᠰᠢᠪᠲᠤᠯᠬᠤ ᠠᠴᠠ ᠰᠢᠰᠲ᠋ᠧᠮ ᠲᠠᠢ ᠬᠤᠷᠠᠮᠠᠯ ᠪᠣᠯᠬᠤ᠂ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠦᠷᠲᠡᠯ᠎ᠡ᠂ ᠨᠠᠮ ᠪᠠ | ᠲᠥᠷᠥ ᠶᠢᠨ ᠠᠵᠢᠯ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠠᠬᠢᠭᠤᠯᠪᠠ᠃ | ᠥᠨᠥᠳᠥᠷ᠂ ᠥᠭᠡᠷᠡᠴᠢᠯᠡᠯᠲᠡ ᠶᠢᠨ ᠦᠵᠦ ᠲᠥᠯᠥᠪᠯᠡᠭᠡ ᠨᠢᠭᠡᠨᠲᠡ ᠨᠡᠯᠢᠶᠡᠳ ᠲᠣᠳᠣᠷᠬᠠᠢ ᠪᠠᠶᠢᠳᠠᠯ ᠲᠥᠯᠥᠪ ᠲᠠᠢ | ᠪᠣᠯᠤᠭᠰᠠᠨ ᠪᠠᠶᠢᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯᠳᠤᠭᠠᠨ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠠᠬᠢᠭᠤᠯᠬᠤ ᠶᠢᠨ ᠥᠷᠭᠡᠴᠡ ᠶᠢ ᠶᠡᠬᠡᠳᠬᠡᠬᠦ ᠪᠠ ᠭᠦᠨᠴᠡ ᠲᠠᠢ ᠤᠷᠤᠭᠰᠢᠯᠠᠭᠤᠯᠬᠤ ᠳᠤ ᠶᠡᠷᠦᠩᠬᠡᠢ ᠲᠠᠶᠢᠴᠢᠯᠠᠯᠳᠠ᠂ | ᠶᠡᠷᠦᠩᠬᠡᠢ ᠪᠠᠶᠢᠷᠢᠯᠠᠭᠤᠯᠤᠯᠲᠠ ᠬᠢᠵᠦ᠂ ᠡᠯ᠎ᠡ ᠣᠷᠣᠨ ᠨᠤᠲᠤᠭ ᠡᠯ᠎ᠡ ᠰᠠᠯᠠᠭ᠎ᠠ ᠮᠥᠴᠢᠷ ᠤᠨ ᠬᠢᠨ ᠬᠠᠳᠠᠭᠠᠰᠤ ᠬᠠᠳᠠᠬᠤ | ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠪᠦᠳᠦᠭᠦᠪᠴᠢ ᠵᠢᠷᠤᠭ | ︾ ᠢ ︽ᠨᠠᠷᠢᠯᠢᠭ ᠵᠢᠷᠤᠭ︾ ᠪᠣᠯᠭᠠᠨ ᠬᠤᠪᠢᠷᠠᠭᠤᠯᠤᠭᠠᠷᠠᠢ᠃ | ᠥᠭᠡᠷᠡᠴᠢᠯᠡᠯᠲᠡ ᠶᠢᠨ ᠠᠯᠬᠤᠮ ᠭᠦᠨ ᠴᠡᠭᠡᠯ ᠲᠡᠶᠢᠰᠢ ᠭᠦᠨᠵᠡᠭᠡᠶᠢᠷᠡᠭᠰᠡᠨ ᠴᠤ᠂ ᠵᠠᠮ ᠬᠠᠶᠢᠬᠤ ᠶᠢᠨ ᠳᠠᠭᠠᠤ | ᠤᠷᠤᠭᠰᠢᠯᠠᠬᠤ ᠠᠷᠭ᠎ᠠ ᠨᠢ ᠴᠠᠭ ᠦᠶ᠎ᠡ ᠠᠴᠠ ᠪᠠᠨ ᠬᠤᠴᠣᠷᠤᠭᠰᠠᠨ ᠦᠭᠡᠢ ᠭᠡᠳᠡᠭ ᠢ ᠣᠯᠵᠤ ᠬᠠᠷᠠᠬᠤ ᠬᠡᠷᠡᠭᠲᠡᠢ᠃ ︽ | ᠲᠠᠨᠢᠯ ᠳᠠᠰᠤᠯ ᠪᠣᠯᠣᠭᠰᠠᠨ ᠥᠭᠡᠷᠡᠴᠢᠯᠡᠯᠲᠡ ᠨᠢ ᠤᠮᠪᠠᠯᠲᠠ ᠶᠢᠨ ᠲᠠᠲᠠᠭᠠᠯ ᠮᠡᠲᠦ᠂ ᠬᠠᠮᠢᠭ᠎ᠠ ᠨᠢ ᠭᠦᠢᠬᠡᠨ ᠤᠰᠤᠨ ᠤ | ᠬᠡᠰᠡᠭ᠂ ᠬᠠᠮᠢᠭ᠎ᠠ ᠨᠢ ᠭᠦᠨ ᠤᠰᠤᠨ ᠤ ᠬᠡᠰᠡᠭ ᠭᠡᠳᠡᠭ ᠢ ᠲᠣᠳᠣᠷᠬᠠᠢ ᠵᠠᠭᠠᠭᠯᠠᠵᠤ ᠪᠠᠶᠢᠨ᠎ᠠ᠃ ᠪᠣᠷᠭᠢᠶᠠᠨ ᠲᠠᠢ ᠭᠤᠣᠯ ᠢ | ᠭᠡᠲᠦᠯᠬᠦ ᠳᠤ ᠵᠠᠮ ᠬᠠᠶᠢᠬᠤ ᠴᠢᠬᠤᠯᠠ ᠦᠭᠡᠢ ᠭᠡᠵᠢ ᠦᠦ︖︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠠᠮᠢᠳᠤᠯᠢᠭ | ᠵᠦᠢᠷᠯᠡᠯ ᠨᠢ᠂ ︽ᠵᠠᠮ ᠬᠠᠶᠢᠬᠤ ᠶᠢᠨ ᠳᠠᠭᠠᠤ ᠤᠷᠤᠭᠰᠢᠯᠠᠬᠤ ᠨᠢ ᠳᠠᠷᠤᠢ ᠬᠠᠭᠤᠴᠢᠨ ᠢᠶᠠᠨ ᠪᠠᠷᠢᠮᠲᠠᠯᠠᠭᠴᠢ ᠪᠠ ᠵᠣᠷᠢᠭ | ᠪᠠᠭᠠᠲᠠᠢ︾ ᠭᠡᠳᠡᠭ ᠶᠠᠷᠢᠶᠠᠨ ᠤ ᠪᠤᠷᠤᠭᠤ ᠬᠡᠯᠪᠡᠷᠢᠯ ᠳᠤ ᠬᠠᠷᠢᠭᠤ ᠥᠭᠪᠡ᠃ | ᠥᠭᠡᠷᠡᠴᠢᠯᠡᠯᠲᠡ ᠶᠢᠨ ᠵᠠᠮ ᠨᠢ ᠶᠡᠷᠦ ᠠᠴᠠ ᠰᠢᠭᠤᠳ ᠰᠢᠯᠤᠭᠤᠨ ᠪᠠᠶᠢᠭᠰᠠᠨ ᠦᠭᠡᠢ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠣᠯ ᠨᠢᠭᠡᠨ ᠤᠷᠢᠳᠤ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠂ | ᠦᠯᠦ ᠮᠡᠳᠡᠬᠦ ᠵᠦᠢᠯ ᠣᠯᠠᠨ ᠲᠠᠯ᠎ᠠ ᠶᠢᠨ ᠪᠠᠶᠢᠬᠤ ᠪᠠᠷ ᠪᠠᠷᠠᠬᠤ ᠦᠭᠡᠢ ᠪᠠᠰᠠ ᠲᠥᠰᠦᠭᠡᠯᠡᠬᠦᠶ᠎ᠡ ᠪᠡᠷᠬᠡ ᠬᠦᠴᠦᠨ ᠵᠦᠢᠯ | ᠴᠦ ᠲᠤᠯᠭᠠᠷᠠᠵᠤ ᠮᠡᠳᠡᠨ᠎ᠡ᠂ ᠦᠢᠯᠡᠳᠦᠯᠭᠡ ᠶᠢᠨ ᠳᠤᠮᠳᠠ ᠵᠣᠷᠢᠭᠲᠠᠢ ᠬᠠᠶᠢᠨ ᠰᠦᠪᠡᠭᠴᠢᠯᠡᠬᠦ ᠴᠢᠬᠤᠯᠠᠲᠠᠢ ᠮᠥᠷᠲᠡᠭᠡᠨ | ᠪᠠᠰᠠ ᠳᠠᠬᠢᠨ ᠳᠠᠪᠲᠠᠨ ᠪᠣᠯᠭᠤᠮᠵᠢᠯᠠᠭᠰᠠᠨ ᠪᠠᠶᠢᠬᠤ ᠬᠡᠷᠡᠭᠲᠡᠢ᠂ ︽ᠪᠣᠣᠪᠤ ᠬᠠᠭᠠᠷᠢᠵᠤ ᠪᠠᠶᠢᠭ᠎ᠠ ᠮᠡᠲᠦ︾ ᠲᠡᠶᠢᠮᠦ | ᠠᠮᠠᠷᠬᠠᠨ ᠢᠶᠠᠷ ᠤᠷᠪᠠᠭᠤᠯᠤᠭᠠᠳ ᠯᠠ ᠪᠠᠶᠢᠵᠤ ᠪᠣᠯᠬᠤ ᠦᠭᠡᠢ᠃ ᠵᠠᠮ ᠬᠠᠶᠢᠬᠤ ᠶᠢᠨ ᠳᠠᠭᠠᠤ ᠤᠷᠤᠭᠰᠢᠯᠠᠬᠤ ᠪᠤᠯ ᠳᠠᠷᠤᠢ | ᠵᠢᠮ᠎ᠠ ᠶᠤᠰᠤ ᠶᠢ ᠡᠷᠢᠯᠬᠢᠯᠡᠬᠦ ᠶᠠᠪᠤᠳᠠᠯ ᠮᠦᠨ᠂ ᠬᠠᠮᠳᠦ ᠪᠠᠷ ᠪᠠᠶᠠᠵᠢᠬᠤ ᠶᠢ ᠬᠡᠷᠬᠢᠨ ᠠᠬᠢᠭᠤᠯᠬᠤ᠂ ᠰᠢᠨ᠎ᠡ ᠴᠢᠨᠠᠷ ᠪᠦᠬᠦᠢ | ᠦᠢᠯᠡᠳᠪᠤᠷᠢᠯᠡᠯ ᠤᠨ ᠬᠦᠴᠦᠨ ᠢ ᠬᠡᠷᠬᠢᠨ ᠪᠤᠢ ᠪᠤᠯᠭᠠᠬᠤ᠂ ᠦᠨᠳᠦᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠪᠡᠶ᠎ᠠ ᠪᠠᠨ ᠳᠠᠭᠠᠭᠠᠨ ᠬᠦᠴᠦᠷᠭᠡᠭᠵᠢᠬᠦ ᠶᠢ ᠬᠡᠷᠬᠢᠨ ᠪᠡᠶᠡᠯᠡᠬᠦᠯᠬᠦ ᠁ ᠮᠠᠰᠢ ᠤᠯᠠᠨ | ᠠᠰᠠᠭᠤᠳᠠᠯ ᠳᠤ ᠪᠡᠯᠡᠨ ᠬᠠᠷᠢᠭᠤᠯᠲᠠ ᠪᠠᠶᠢᠬᠤ ᠦᠭᠡᠢ᠂ ᠡᠷᠬᠡᠪᠰᠢ ᠦᠨᠳᠦᠰᠦᠨ ᠱᠠᠲᠤᠨ ᠤ ᠦᠢᠯᠡᠳᠦᠯᠭᠡ ᠪᠠᠷ ᠳᠠᠮᠵᠢᠨ | ᠰᠢᠨ᠎ᠡ ᠲᠤᠷᠰᠢᠯᠭ᠎ᠠ ᠪᠠᠨ ᠳ᠋ᠦᠩᠨᠡᠵᠦ᠂ ᠰᠢᠨ᠎ᠡ ᠡᠭᠦᠳᠦᠯᠲᠡ ᠶᠢᠨ ᠤᠶᠤᠨ ᠤᠬᠠᠭᠠᠨ ᠢ ᠰᠢᠩᠭᠡᠭᠡᠵᠦ᠂ ᠬᠥᠭᠵᠢᠯᠲᠡ ᠳᠤ | ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠤᠳ ᠢ ᠰᠢᠢᠳᠪᠦᠷᠢᠯᠡᠬᠦ ᠬᠡᠷᠡᠭᠲᠡᠢ᠃ ᠲᠦᠷᠦᠭᠦᠬᠡᠨ᠂ ᠲᠥᠷᠥ ᠶᠢᠨ | ᠶᠠᠪᠤᠳᠠᠯ ᠤᠨ ᠬᠤᠷᠢᠶ᠎ᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠲᠤ | ᠢᠳᠡᠪᠬᠢᠲᠡᠶ ᠦᠷ᠎ᠡ ᠪᠦᠲᠦᠮᠵᠢ ᠣᠯᠤᠭᠰᠠᠨ 30 ᠵᠤᠷᠪᠤᠰ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠨᠠᠩ ᠶᠡᠭᠡ ᠬᠡᠪᠴᠢᠶ᠎ᠡ ᠪᠠᠷ | ᠬᠠᠭᠤᠯᠪᠤᠷᠢᠯᠠᠨ ᠠᠪᠴᠤ ᠳᠡᠯᠭᠡᠷᠡᠭᠦᠯᠪᠡ᠃ ᠲᠤᠷᠰᠢᠯᠲᠠ ᠶᠢᠨ ᠴᠡᠭ ᠢᠶᠠᠷ ᠰᠦᠪᠡᠭᠴᠢᠯᠡᠬᠦ᠂ ᠲᠤᠷᠰᠢᠯᠭ᠎ᠠ ᠪᠠᠨ | ᠪᠦᠷᠢᠯᠳᠦᠭᠦᠯᠬᠦ ᠠᠴᠠ ᠳᠦᠷᠢᠮ ᠤᠨ ᠴᠢᠨᠠᠷᠲᠠᠶ ᠦᠷ᠎ᠡ ᠪᠦᠲᠦᠭᠡᠯ ᠪᠣᠯᠭᠠᠬᠤ ᠬᠦᠷᠲᠡᠯ᠎ᠡ᠂ ᠳᠡᠭᠡᠷ᠎ᠡ ᠠᠴᠠ ᠳᠣᠷᠣᠭᠰᠢ ᠪᠠᠨ | ᠪᠠ ᠳᠣᠤᠷ᠎ᠠ ᠠᠴᠠ ᠳᠡᠭᠡᠭᠰᠢ ᠪᠠᠨ ᠰᠠᠶᠢᠨ ᠢᠶᠠᠷ ᠦᠢᠯᠡᠳᠦᠯᠴᠡᠭᠰᠡᠨ ᠢ ᠠᠮᠢᠳᠤᠯᠢᠭ ᠢᠶᠠᠷ ᠢᠯᠡᠷᠡᠭᠦᠯᠵᠡᠶ᠃ ᠲᠤᠷᠰᠢᠯᠲᠠ ᠶᠢᠨ | ᠴᠡᠭ ᠭᠠᠷᠭᠠᠬᠤ ᠪᠣᠯ ᠥᠭᠡᠷᠡᠴᠢᠯᠡᠯᠲᠡ ᠶᠢᠨ ᠪᠦᠲᠦᠮᠵᠢᠲᠡᠢ ᠠᠷᠭ᠎ᠠ ᠪᠠᠶᠢᠵᠤ᠂ ᠲᠤᠷᠰᠢᠯᠲᠠ ᠶᠢᠨ ᠴᠡᠭ ᠤᠨ ᠭᠠᠵᠠᠷ ᠲᠤ | ᠤᠷᠢᠳ ᠢᠶᠠᠷ ᠬᠡᠷᠡᠭᠵᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠦᠵᠦ ᠲᠥᠯᠥᠪᠯᠡᠭᠡ ᠪᠠ ᠤᠷᠢᠳ ᠢᠶᠠᠷ | ᠰᠦᠪᠡᠭᠴᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ ᠪᠣᠯᠣᠨ᠎ᠠ ᠭᠡᠳᠡᠭ ᠢ ᠦᠢᠯᠡᠳᠦᠯᠭᠡ ᠭᠡᠷᠡᠴᠢᠯᠡᠪᠡ᠃ | ᠥᠭᠡᠷᠡᠴᠢᠯᠡᠯᠲᠡ ᠶᠢᠨ ᠶᠡᠭᠡ ᠤᠷᠤᠰᠬᠠᠯ ᠰᠢᠷᠦᠭᠦᠰᠴᠦ᠂ ᠮᠠᠰᠢ ᠣᠯᠠᠨ ᠮᠤᠷᠤᠢ ᠰᠠᠷᠤᠢ ᠨᠠᠷᠢᠨ ᠤᠷᠤᠰᠬᠠᠯ ᠤᠳ | ᠮᠥᠷᠡᠨ ᠭᠤᠣᠯ ᠪᠣᠯᠵᠤ᠂ ᠮᠠᠰᠢ ᠣᠯᠠᠨ ᠨᠡᠷ᠎ᠡ ᠦᠭᠡᠢ ᠳᠣᠪᠤ ᠲᠣᠯᠣᠭᠠᠳ ᠴᠠᠭ ᠦᠶ᠎ᠡ ᠶᠢᠨ ᠣᠷᠭᠢᠯ ᠪᠣᠯᠵᠤ ᠰᠦᠨᠳᠡᠷᠯᠡᠪᠡ᠃ | ᠵᠥᠪ ᠠᠷᠭ᠎ᠠ ᠶᠢᠨ ᠤᠨᠤᠯ ᠢ ᠪᠠᠷᠢᠮᠲᠠᠯᠠᠵᠤ᠂ ᠦᠵᠦ ᠲᠥᠯᠥᠪᠯᠡᠭᠡ ᠶᠢ ᠴᠢᠩᠭᠠᠳᠬᠠᠬᠤ ᠪᠠ ᠵᠠᠮ ᠬᠠᠶᠢᠬᠤ ᠶᠢᠨ ᠳᠠᠭᠠᠤ | ᠤᠷᠤᠭᠰᠢᠯᠠᠬᠤ ᠶᠢ ᠰᠠᠶᠢᠲᠤᠷ ᠤᠶᠠᠯᠳᠤᠭᠤᠯᠪᠠᠯ᠂ ᠪᠢᠳᠡ ᠯᠠᠪᠲᠠᠢ ᠨᠡᠩ ᠰᠦᠷ ᠳᠠᠯᠠᠶᠢᠴᠠᠲᠠᠢ ᠥᠭᠡᠷᠡᠴᠢᠯᠡᠯᠲᠡ ᠶᠢᠨ | ᠤᠷᠤᠰᠬᠠᠯ ᠯᠤᠭ᠎ᠠ ᠬᠠᠮᠲᠤ ᠠᠶᠠᠯᠠᠵᠤ᠂ ︽ᠳᠤᠮᠳᠠᠳᠤ ᠤᠯᠤᠰ ᠨᠡᠷᠡᠮᠵᠢᠲᠦ︾ ᠠᠶᠠᠯᠠᠯ ᠤᠨ ᠣᠩᠭᠤᠴᠠ ᠶᠢ ᠨᠡᠩ ᠨᠡᠯᠦᠭᠡᠷ | ᠶᠡᠭᠡ ᠳᠠᠯᠠᠢ ᠳᠤ ᠠᠶᠠᠯᠠᠭᠤᠯᠬᠤ ᠶᠢ ᠠᠬᠢᠭᠤᠯᠵᠤ ᠴᠢᠳᠠᠨ᠎ᠠ᠃ ︽ᠠᠷᠠᠣᠠ ᠤᠨ ᠡᠳᠦᠷ ᠤᠨ ᠰᠣᠨᠢᠠ︾ ︵2024 ᠣᠨ ᠤ | 11 ᠳ᠋ᠦ᠋ᠭᠡᠷ ᠰᠠᠷ᠎ᠠ ᠶᠢᠨ 14 ᠤ ᠡᠳᠦᠷ ᠤᠨ 04 ᠳ᠋ᠦ᠋ᠭᠡᠷ ᠨᠢᠭᠤᠷ︶ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | | | |