ᠭᠦᠸᠧ ᠲᠢᠶᠠᠨ ᠪᠦᠦ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 14 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠪᠦᠯᠬᠦᠮ ᠳᠠᠭᠠᠭᠤᠯᠤᠨ ᠾᠧᠨᠠᠨ ᠤ ᠰᠢᠨ ᠰᠢᠶᠠᠩ᠂ ᠵᠢᠶᠠᠩᠰᠢ ᠶᠢᠨ ᠹᠦᠵᠧᠦ᠂ ᠵᠢᠶᠠᠩᠰᠦ ᠶᠢᠨ ᠨᠠᠨᠵᠢᠩ᠂ ᠭᠤᠸᠠᠩᠳᠦ᠋ᠩ ᠤᠨ ᠹᠦᠸᠧ ᠱᠠᠨ᠂ ᠪᠡᠭᠡᠵᠢᠩ ᠤᠨ ᠴᠤᠤᠶᠠᠩ᠂ ᠵᠢᠶᠠᠩᠰᠦ ᠶᠢᠨ ᠶᠠᠨ ᠴᠧᠩ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠠᠯᠠ ᠲᠠᠳᠠᠬᠤ ᠠᠵᠢᠯ ᠥᠷᠨᠢᠭᠦᠯᠪᠡ᠃
  01.jpg 
    ᠾᠧᠨᠠᠨ ᠤ ᠰᠢᠨ ᠰᠢᠶᠠᠩ ᠳᠤ᠂ ᠭᠦᠸᠧ ᠲᠢᠶᠠᠨ ᠪᠦᠦ ᠵᠦᠩ ᠶᠤᠸᠠᠨ ᠬᠡᠪᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ︵ᠶᠤᠸᠠᠨ ᠶᠠᠩ︶ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠬᠦᠷᠢᠶᠡᠯᠡᠩ ᠲᠣᠭᠤᠷᠢᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠦᠷᠢᠶᠡᠯᠡᠩ ᠳᠣᠲᠣᠷᠠᠬᠢ ᠠᠵᠤ ᠠᠬᠤᠶᠢᠯᠠᠯ ᠤᠨ ᠡᠷᠬᠢᠯᠳᠡ ᠶᠢᠨ ᠪᠠᠶᠢᠳᠠᠯ ᠪᠣᠯᠣᠨ ᠬᠦᠷᠢᠶᠡᠯᠡᠩ ᠲᠣᠭᠤᠷᠢᠭ ᠤᠨ ᠡᠷᠭᠢᠯᠳᠡ ᠶᠢᠨ ᠵᠠᠭᠪᠤᠷ ᠢ ᠨᠠᠷᠢᠨ ᠣᠶᠢᠯᠠᠭᠠᠵᠤ᠂ ᠲᠡᠷᠢᠭᠦᠨ ᠤ ᠬᠦᠷᠢᠶᠡᠯᠡᠩ ᠲᠣᠭᠤᠷᠢᠭ ᠤᠨ ᠡᠵᠡᠩᠨᠡᠯᠲᠡ ᠬᠠᠮᠢᠶᠠᠷᠤᠯᠲᠠ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠪᠠ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠵᠤ᠂ ᠮᠠᠨ ᠤ ᠬᠤᠰᠢᠭᠤᠨ ᠤ ᠸᠠᠭᠠᠷ ᠱᠠᠭᠠᠵᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠬᠡᠷᠬᠢᠨ ᠲᠣᠯᠢ ᠪᠣᠯᠭᠠᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃
  02.jpg
    ᠵᠢᠶᠠᠩᠰᠢ ᠶᠢᠨ ᠹᠦᠵᠧᠦ ᠳᠤ᠂ ᠭᠦᠸᠧ ᠲᠢᠶᠠᠨ ᠪᠦᠦ ᠶᠢᠨ ᠲᠤᠤ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠬᠠᠷᠢᠭᠤ ᠰᠤᠷᠪᠤᠯᠵᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠷᠭᠢᠯᠳᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠠᠵᠤ ᠠᠬᠤᠶᠢᠯᠠᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠠᠬᠢ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠴᠠᠭ ᠲᠤᠬᠠᠶ ᠳᠤᠨᠢ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠡᠶ᠃
  03.jpg  
   ᠵᠢᠶᠠᠩᠰᠦ ᠶᠢᠨ ᠨᠠᠨᠵᠢᠩ ᠤᠨ ᠭᠤᠸᠠᠨ ᠱᠧᠩ ᠳ᠋ᠦᠩ ᡂᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠴᠠᠩ ᠤᠨ ᠪᠠᠷ᠎ᠠ ᠪᠤᠯᠤᠯᠭ᠎ᠠ ᠪᠠᠷ᠂ ᠭᠦᠸᠧ ᠲᠢᠶᠠᠨ ᠪᠦᠦ ᠠᠵᠤ ᠠᠬᠤᠶᠢᠯᠠᠯ ᠤᠨ ᠮᠠᠰᠢᠨ ᠲᠡᠷᠭᠡᠨ ᠤ ᠰᠡᠯᠪᠢᠭ ᠲᠤᠨᠤᠭ ᠤᠨ ᠦᠢᠯᠡᠳᠪᠦᠷᠢᠯᠡᠯ ᠤᠨ ᠱᠤᠭᠤᠮ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠤᠶᠠᠷ ᠲᠠᠯ᠎ᠠ ᠪᠠᠷ ᠢᠶᠠᠨ ᠬᠠᠲᠠᠭᠤ ᠴᠣᠭᠴᠠ᠂ ᠬᠠᠭᠠᠰ ᠬᠠᠲᠠᠭᠤ ᠲᠦᠯᠦᠪᠲᠦ ᠯᠢᠲ᠋ᠢ ᠶᠢᠨ ᠢᠶᠣᠨ ᠤ ᠲᠦᠷᠦᠯ ᠵᠦᠢᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃ ᠭᠦᠸᠧ ᠲᠢᠶᠠᠨ ᠪᠦᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠠᠵᠤ ᠠᠬᠤᠶᠢᠯᠠᠯ ᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠵᠣᠯᠭᠠᠭᠤᠯᠤᠨ   ᠵᠦᠪᠳᠡᠯᠴᠡᠬᠦ ᠶᠢ ᠴᠢᠩ ᠰᠡᠳᠬᠢᠯ ᠠᠴᠠ ᠪᠠᠨ ᠤᠷᠢᠪᠡ᠃
 04.jpg  
   ᠭᠤᠸᠠᠩᠳᠦ᠋ᠩ ᠤᠨ ᠹᠦᠸᠧ ᠱᠠᠨ ᠳᠤ᠂ ᠭᠦᠸᠧ ᠲᠢᠶᠠᠨ ᠪᠦᠦ ᠬᠤᠸᠠ ᠰᠢᠩ ᠰᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠸᠠ ᠰᠢᠩ ᠰᠢᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠱᠧᠨ ᠬᠤᠸᠠ ᠲᠠᠢ ᠶᠠᠷᠢᠯᠴᠠᠨ ᠰᠣᠯᠢᠯᠴᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠣᠷᠣᠨ ᠪᠠᠶᠢᠷᠢ᠂ ᠡᠬᠢ ᠪᠠᠶᠠᠯᠢᠭ᠂ ᠠᠵᠤ ᠦᠢᠯᠡᠰ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠲᠠᠨᠢᠯᠴᠠᠭᠤᠯᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠨᠢᠭᠤᠷᠳᠠᠨ ᠶᠠᠷᠢᠯᠴᠠᠪᠠ᠃ ᠭᠦᠸᠧ ᠲᠢᠶᠠᠨ ᠪᠦᠦ ᠬᠡᠯᠡᠬᠦ ᠳᠡᠭᠡᠨ᠂ ᠬᠤᠸᠠ ᠰᠢᠩ ᠰᠢᠯ ᠤᠨ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠬᠡᠰᠡᠭ ᠪᠣᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠡᠭᠡᠳᠦ ᠬᠡᠮᠵᠢᠶ᠎ᠡ ᠪᠠᠷ ᠨᠡᠶᠢᠴᠡᠵᠦ᠂ ᠭᠦᠨᠵᠡᠭᠡᠢ ᠬᠠᠮᠲᠤᠷᠠᠯᠴᠠᠬᠤ ᠰᠠᠶᠢᠨ ᠰᠠᠶᠢᠬᠠᠨ ᠨᠥᠬᠦᠴᠡᠯ ᠪᠣᠯᠤᠨ ᠥᠷᠭᠡᠨ ᠠᠭᠤᠳᠠᠮ ᠣᠷᠣᠨ ᠵᠠᠢ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠬᠥᠭᠵᠢᠯᠲᠡ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃
 05.jpg  
    ᠪᠡᠭᠡᠵᠢᠩ ᠤᠨ ᠴᠤᠤᠶᠠᠩ ᠳᠤ᠂ ᠭᠦᠸᠧ ᠲᠢᠶᠠᠨ ᠪᠦᠦ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠤᠮᠳᠠᠳᠤ ᠤᠯᠤᠰ ᠤᠨ ᠪᠣᠭᠤᠳᠠᠯ ᠪᠠᠭᠯᠠᠭ᠎ᠠ ᠪᠣᠯᠤᠨ ᠢᠳᠡᠭᠡᠨ ᠤ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠲᠠᠢ ᠵᠣᠯᠭᠠᠭᠤᠯᠤᠨ ᠵᠥᠪᠳᠡᠯᠴᠡᠵᠦ᠂ ᠬᠤᠶᠠᠷ ᠲᠠᠯ᠎ᠠ ᠪᠠᠷ ᠢᠶᠠᠨ ᠰᠢᠷ᠎ᠠ ᠪᠤᠷᠴᠠᠭ ᠤᠨ ᠦᠷ᠎ᠡ ᠪᠤᠶᠢᠵᠢᠭᠤᠯᠬᠤ ᠪᠠ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠬᠠᠮᠲᠤᠪᠠᠷ ᠶᠠᠷᠢᠯᠴᠠᠵᠤ᠂ ᠪᠣᠳᠠᠲᠠᠢ ᠬᠠᠮᠲᠤᠷᠠᠯᠴᠠᠭᠠᠨ ᠤ ᠶᠠᠪᠤᠳᠠᠯ ᠢ ᠵᠥᠪᠳᠡᠪᠡ᠃
 06.jpg
    ᠳᠠᠷᠠᠭ᠎ᠠ ᠨᠢ᠂ ᠲᠦᠩᠯᠢᠶᠣᠤ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠲᠠᠨᠢᠯᠴᠠᠭᠤᠯᠭ᠎ᠠ ᠳᠣᠤᠷ᠎ᠠ᠂ ᠭᠦᠸᠧ ᠲᠢᠶᠠᠨ ᠪᠦᠦ ᠨᠠᠷ ᠪᠠᠰᠠ ᠳᠤᠮᠳᠠᠳᠤ ᠤᠯᠤᠰ ᠤᠨ ᠨᠠᠲ᠋ᠧᠷᠢ ᠶᠢᠨ ᠴᠠᠬᠢᠯᠭᠠᠨ ᠤ ᠪᠦᠯᠦᠭᠯᠡᠯ᠂ ᠵᠥᠩ ᠯᠢᠶᠠᠨ ᠲᠤᠭ᠎ᠠ ᠪᠠᠷᠢᠮᠲᠠ ᠶᠢᠨ ᠪᠦᠯᠦᠭᠯᠡᠯ᠂ ᠵᠢᠶᠠᠩᠰᠦ ᠶᠢᠨ ᠰᠢᠨ ᠨᠦᠸᠧ ᠬᠠᠭᠠᠰ ᠳᠠᠮᠵᠢᠭᠤᠯᠤᠭᠴᠢ᠂ ᠵᠢᠶᠠᠩᠰᠦ ᠶᠢᠨ ᠷᠦᠢ ᠵᠢᠩ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ ᠵᠣᠯᠭᠠᠭᠤᠯᠤᠨ ᠵᠥᠪᠳᠡᠯᠴᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号