ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠴᠠᠭᠠᠨ ᠢᠳᠡᠭᠡᠨ ᠤ ᠦᠢᠯᠡᠰ ᠢᠶᠠᠷ ᠣᠨᠴᠠᠯᠢᠭᠲᠤ ᠠᠵᠤ ᠦᠢᠯᠡᠰ ᠤᠨ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/25
     ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠦᠬᠡᠷ ᠤᠨ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠴᠠᠭᠠᠨ ᠢᠳᠡᠭᠡᠨ ᠢ ᠬᠤᠭᠤᠯᠠᠨ ᠰᠢᠷᠡᠭᠡᠨ ᠳᠡᠭᠡᠷᠡᠬᠢ ᠠᠮᠲᠠᠲᠤ ᠢᠳᠡᠭᠡᠨ ᠪᠣᠯᠭᠠᠭᠰᠠᠨ ᠢᠶᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ᠃     ︽ᠠᠮᠳᠠᠳᠠᠢ︾ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠳᠤ᠂ ᠠᠵᠢᠯᠴᠢᠳ ᠰᠢᠨ᠎ᠡ ᠰᠣᠷᠭᠤᠭ ᠡᠭᠡᠳᠡᠭᠰᠡᠨ ᠰᠦ ᠪᠠᠷ ᠬᠤᠷᠤᠳ ᠬᠢᠵᠦ ᠶᠠᠭᠠᠷᠠᠯᠳᠤᠨ᠎ᠠ᠂ ᠤᠯᠠᠮᠵᠢᠯᠠᠯᠲᠤ ᠭᠠᠷ ᠤᠷᠠᠯᠠᠯ ᠢᠶᠠᠷ ᠬᠢᠭᠰᠡᠨ ᠬᠤᠷᠤᠳ ᠲᠤ ᠶᠠᠮᠠᠷ ᠴᠤ ᠨᠡᠮᠡᠯᠲᠡ ᠡᠳ᠋ ᠬᠤᠯᠢᠵᠤ ᠦᠭᠡᠢ ᠪᠤᠯᠬᠤᠷ᠂ ᠤᠭᠤᠷᠠᠭ ᠵᠡᠷᠭᠡ ᠰᠢᠮ᠎ᠡ ᠲᠡᠵᠢᠭᠡᠯ ᠡᠯᠪᠡᠭ ᠪᠠᠶᠢᠵᠤ᠂ ᠤᠯᠠᠮᠵᠢᠯᠠᠯᠲᠤ ᠴᠠᠭᠠᠨ ᠢᠳᠡᠭᠡᠨ ᠤ ᠥᠪᠡᠷᠮᠢᠴᠡ ᠦᠨᠦᠷ ᠠᠮᠲᠠ ᠶᠢ ᠬᠠᠳᠠᠭᠠᠯᠠᠵᠤ ᠪᠠᠶᠢᠳᠠᠭ᠃
 打造“舌尖上的新引擎”01.jpg
     ︽ᠠᠮᠳᠠᠳᠠᠢ︾ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠶᠢᠨ ᠳᠠᠷᠤᠭ᠎ᠠ ᠲᠠᠩ ᠯᠢᠶᠠᠩ ᠢᠦᠢ᠄ ︽ᠪᠢᠳᠡ ᠤᠯᠠᠮᠵᠢᠯᠠᠯᠲᠤ ᠴᠠᠭᠠᠨ ᠢᠳᠡᠭᠡᠨ ᠠᠴᠠ ᠭᠠᠳᠠᠨ᠎ᠠ ᠪᠠᠰᠠ ᠮᠠᠰᠢ ᠣᠯᠠᠨ ᠰᠢᠨ᠎ᠡ   ᠦᠢᠯᠡᠳᠭᠡᠬᠦᠨ ᠡᠬᠦᠳᠴᠡᠢ᠂ ᠪᠠᠷᠤᠭ 80 ᠭᠠᠷᠤᠢ ᠵᠦᠢᠯ ᠤᠨ ᠦᠢᠯᠡᠳᠬᠦᠨ ᠬᠢᠵᠦ ᠪᠠᠶᠢᠨ᠎ᠠ᠂ ᠪᠠᠰᠠ ᠲᠠᠰᠤᠷᠠᠯᠲᠠ ᠦᠭᠡᠢ ᠰᠢᠨ᠎ᠡ ᠦᠢᠯᠡᠳᠬᠦᠨ ᠢ ᠰᠤᠳᠤᠯᠤᠨ ᠦᠢᠯᠡᠳᠴᠦ᠂ ᠨᠡᠩ ᠣᠯᠠᠨ ᠬᠡᠷᠡᠭᠯᠡᠭᠴᠢᠳ ᠤᠨ ᠰᠠᠨᠠᠭᠠᠨ ᠳᠤ ᠲᠣᠬᠢᠷᠠᠬᠤ ᠴᠠᠭᠠᠨ ᠢᠳᠡᠭᠡᠨ ᠬᠠᠩᠭᠠᠬᠤ  ᠪᠠᠷ ᠴᠢᠷᠮᠠᠶᠢᠵᠤ  ᠪᠠᠶᠢᠨ᠎ᠠ︾ ᠭᠡᠵᠦ ᠬᠡᠯᠡᠪᠡ᠃
 打造“舌尖上的新引擎”02.jpg 
     ᠣᠳᠣᠬᠠᠨ ᠳᠤ᠂ ︽ᠠᠮᠳᠠᠳᠠᠢ︾ ᠲᠦᠷᠦᠯ ᠲᠡᠮᠳᠡᠭ ᠨᠢ ᠨᠢᠭᠡᠨᠲᠡ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠨᠡᠷᠡᠳᠦ ᠲᠦᠷᠦᠯ ᠲᠡᠮᠳᠡᠭ ᠤᠨ ᠭᠠᠷᠴᠠᠭ ᠲᠤ ᠣᠷᠣᠵᠤ᠂ ᠡᠯᠪᠡᠭ ᠪᠠᠶᠠᠯᠢᠭ ᠤᠯᠠᠮᠵᠢᠯᠠᠯᠲᠤ ᠴᠠᠭᠠᠨ ᠢᠳᠡᠭᠡ ᠪᠣᠯᠣᠨ ᠲᠠᠰᠤᠷᠠᠯᠲᠠ ᠦᠭᠡᠢ ᠰᠢᠨᠡᠴᠢᠯᠡᠵᠦ ᠪᠠᠶᠢᠭ᠎ᠠ ᠦᠢᠯᠡᠳᠭᠡᠬᠦᠨ ᠨᠢ ᠵᠠᠬ᠎ᠠ ᠳᠡᠯᠭᠡᠭᠦᠷ ᠲᠤ ᠥᠷᠭᠡᠨ ᠢᠶᠠᠷ ᠪᠤᠷᠤᠯᠠᠭᠤᠯᠤᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠢᠳᠡᠭᠡᠨ ᠤᠮᠳᠠᠭᠠᠨ ᠤ ᠰᠢᠨ᠎ᠡ ᠬᠥᠳᠡᠯᠭᠡᠭᠦᠷ︾ ᠪᠣᠯᠤᠭᠰᠠᠨ ᠪᠠᠶᠢᠨ᠎ᠠ᠃
 打造“舌尖上的新引擎”03.png  
    ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠴᠠᠭᠠᠨ ᠢᠳᠡᠭᠡᠨ ᠤ ᠦᠢᠯᠡᠳᠬᠡᠯ ᠤᠨ ᠭᠠᠵᠠᠷ 257᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ 43᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠲᠠᠢ ᠨᠢ 28 ᠪᠠᠶᠢᠵᠤ᠂ ᠵᠢᠯ ᠳᠤ 1 ᠲᠦᠮᠡᠨ ᠲᠣᠨ ᠰᠢᠨ᠎ᠡ ᠰᠦ ᠪᠤᠯᠪᠠᠰᠤᠷᠠᠭᠤᠯᠵᠤ ᠪᠠᠶᠢᠨ᠎ᠠ᠃ ᠴᠠᠭᠠᠨ ᠢᠳᠡᠭᠡᠨ ᠨᠢ ᠬᠡᠷᠡᠭᠯᠡᠭᠴᠢᠳ ᠲᠤ ᠠᠮᠲᠠᠲᠤ ᠢᠳᠡᠭᠡᠨ ᠪᠠ ᠡᠷᠡᠭᠦᠯ ᠮᠡᠨᠳᠦ ᠬᠠᠩᠭᠠᠭᠰᠠᠨ ᠢᠶᠠᠷ ᠪᠠᠷᠠᠬᠤ ᠦᠭᠡᠢ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号