ᠨᠡᠶᠢᠲᠡᠯᠡᠭᠰᠡᠨ ᠴᠠᠭ᠄ 2024/11/21 | | | | | | ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠶ᠎ᠠ — ᠬᠤᠷᠢᠨ ᠤᠯᠤᠰ ᠤᠨ | ᠪᠦᠯᠦᠭᠯᠡᠯ ᠦᠤᠳᠤᠷᠢᠳᠬᠤ ᠬᠥᠮᠥᠰ ᠤᠨ | ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤᠬᠤᠷᠠᠯ ᠳᠡᠭᠡᠷᠡᠬᠢ ︽ | ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ︾ ᠵᠥᠪᠯᠡᠬᠦ ᠰᠡᠳᠦᠪ ᠤᠨ ᠲᠤᠬᠠᠢ ᠶᠠᠷᠢᠶ᠎ᠠ | ︵2024 ᠣᠨ ᠤ 11 ᠰᠠᠷ᠎ᠠ ᠶᠢᠨ 18 ᠤ ᠡᠳᠦᠷ᠂ ᠷᠢᠦ᠋ ᠳ᠋ᠢ ᠿᠧᠨ᠋ᠸᠶᠢᠷᠦ᠋ ᠳᠤ︶ | | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | | | | | | | | ᠬᠦᠨᠳᠦᠲᠦ ᠶᠡᠷᠦᠩᠬᠡᠶᠢᠯᠡᠭᠴᠢ ᠯᠦᠯᠠ᠂ | ᠬᠠᠮᠲᠤ ᠠᠵᠢᠯᠯᠠᠭᠰᠠᠳ ᠠ᠋᠄ | ᠷᠢᠦ᠋ ᠳ᠋ᠢ ᠿᠧᠨ᠋ᠸᠶᠢᠷᠦ᠋ ᠳᠤ ᠢᠷᠡᠵᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ | ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠯᠦᠯᠠ ᠪᠣᠯᠣᠨ | ᠪᠷᠠᠽᠢᠯ ᠤᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠢ ᠬᠠᠯᠠᠭᠤᠨ ᠢᠶᠠᠷ | ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ | ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ | ᠤᠯᠠᠷᠢᠵᠤ᠂ ᠬᠥᠮᠥᠨ ᠲᠥᠷᠥᠯᠬᠢᠲᠡᠨ ᠤ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ | ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠤᠨ ᠤᠳᠤᠷᠢᠳᠬᠤ ᠬᠥᠮᠥᠨ | ᠪᠣᠯᠤᠭᠰᠠᠨ ᠤ ᠬᠤᠪᠢ ᠳᠤ᠂ ᠪᠢᠳᠡ ᠪᠠᠷᠠᠭᠠᠨ ᠡᠭᠦᠯᠡ ᠬᠠᠷᠠᠭ᠎ᠠ ᠶᠢ ᠬᠠᠯᠬᠠᠯᠠᠬᠤ ᠠᠴᠠ ᠦᠯᠦ ᠠᠶᠤᠵᠤ᠂ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠷᠢᠮᠲᠠᠯᠠᠵᠤ᠂ ᠲᠡᠦᠬᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠡᠦᠬᠡ ᠶᠢᠨ | ᠰᠠᠨᠠᠭᠠᠴᠢᠯᠠᠭᠠᠲᠤ ᠡᠷᠬᠡ ᠶᠢ ᠢᠯᠡᠷᠡᠭᠦᠯᠵᠦ᠂ ᠲᠡᠦᠬᠡ ᠶᠢᠨ ᠲᠠᠪᠰᠢᠯᠳᠠ ᠶᠢ ᠠᠬᠢᠭᠤᠯᠪᠠᠯ ᠵᠣᠬᠢᠨ᠎ᠠ᠃ | ᠪᠢ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷ᠎ᠡ᠂ | ᠳᠡᠯᠡᠬᠡᠢ ᠶᠢᠨ ᠬᠥᠭᠵᠢᠯ ᠴᠡᠴᠡᠭᠯᠡᠯ ᠪᠠ ᠲᠣᠭᠲᠠᠭᠤᠨ ᠨᠢ ᠶᠠᠳᠠᠭᠤ ᠨᠢ ᠤᠯᠠᠮ ᠶᠠᠪᠤᠬᠤ ᠲᠤᠳᠤᠮ ᠶᠠᠳᠠᠭᠤᠷᠠᠵᠤ᠂ ᠪᠠᠶᠠᠨ ᠨᠢ | ᠤᠯᠠᠮ ᠶᠠᠪᠤᠬᠤ ᠲᠤᠳᠤᠮ ᠪᠠᠶᠠᠵᠢᠬᠤ ᠰᠠᠭᠤᠷᠢᠨ ᠳᠡᠭᠡᠷ᠎ᠡ ᠪᠠᠶᠢᠭᠤᠯᠤᠭᠳᠠᠬᠤ ᠪᠣᠯᠣᠯᠴᠠᠭ᠎ᠠ ᠦᠭᠡᠢ ᠶᠤᠮ᠂ ᠡᠯ᠎ᠡ ᠤᠯᠤᠰ ᠨᠡᠩ | ᠪᠠᠭᠲᠠᠭᠠᠮᠵᠢᠲᠠᠢ᠂ ᠨᠡᠩ ᠲᠦᠭᠡᠮᠡᠯ ᠬᠠᠷᠠᠭᠠᠯᠵᠠᠯᠲᠤ᠂ ᠨᠡᠩ ᠤᠶᠠᠨ ᠬᠠᠳᠠᠨ ᠴᠢᠨᠠᠷᠲᠠᠢ ᠪᠦᠭᠦ ᠪᠥᠮᠪᠥᠷᠴᠡᠭ ᠤᠨ | ᠬᠥᠭᠵᠢᠯᠲᠡ ᠶᠢ ᠠᠬᠢᠭᠤᠯᠪᠠᠯ ᠵᠣᠬᠢᠨ᠎ᠠ ᠭᠡᠵᠦ ᠳᠤᠷᠠᠳᠴᠤ ᠥᠩᠭᠡᠷᠡᠪᠡ᠃ ᠳᠤᠮᠳᠠᠳᠤ ᠤᠯᠤᠰ ᠬᠤᠷᠢᠨ ᠤᠯᠤᠰ ᠤᠨ | ᠪᠦᠯᠦᠭᠯᠡᠯ ᠤᠨ ᠤᠳᠤᠷᠢᠳᠬᠤ ᠬᠥᠮᠥᠰ ᠤᠨ ᠬᠠᠩᠵᠧᠦ ᠳᠠᠬᠢ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ | ᠦᠶ᠎ᠡ ᠳᠤ᠂ ᠬᠥᠭᠵᠢᠯᠲᠡ ᠶᠢᠨ ᠵᠥᠪᠯᠡᠬᠦ ᠰᠡᠳᠦᠪ ᠢ ᠠᠩᠬ᠎ᠠ ᠤᠳᠠᠭ᠎ᠠ ᠬᠤᠷᠸ᠎ᠠ ᠠᠵᠤ ᠠᠬᠤᠢ ᠶᠢᠨ ᠲᠦᠷᠦ ᠶᠢᠨ | ᠪᠣᠳᠣᠯᠭ᠎ᠠ ᠶᠢᠨ ᠵᠣᠬᠢᠴᠠᠭᠤᠯᠭ᠎ᠠ ᠶᠢᠨ ᠭᠤᠣᠯ ᠪᠠᠶᠢᠷᠢᠨ ᠳᠤ ᠲᠠᠯᠪᠢᠵᠤ᠂ ︽2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠬᠤᠷᠢᠨ ᠤᠯᠤᠰ ᠤᠨ ᠪᠦᠯᠦᠭᠯᠡᠯ ᠤᠨ ᠠᠵᠢᠯᠯᠠᠭᠠᠨ ᠤ | ᠲᠥᠯᠥᠪᠯᠡᠭᠡ︾ ᠪᠣᠯᠣᠨ ︽ᠬᠤᠷᠢᠨ ᠤᠯᠤᠰ ᠤᠨ ᠪᠦᠯᠦᠭᠯᠡᠯ ᠤᠨ ᠠᠹᠷᠢᠺᠠ ᠲᠢᠪ ᠪᠣᠯᠣᠨ ᠬᠠᠮᠤᠭ ᠤᠨ ᠬᠥᠭᠵᠢᠭᠡᠳᠦᠢ | ᠤᠯᠤᠰ ᠤᠨ ᠠᠵᠤ ᠦᠢᠯᠡᠳᠪᠦᠷᠢᠵᠢᠯᠲᠡ ᠶᠢ ᠳᠡᠮᠵᠢᠬᠦ ᠰᠠᠨᠠᠭᠠᠴᠢᠯᠠᠭ᠎ᠠ︾ ᠶᠢ ᠨᠡᠶᠢᠲᠡᠯᠡᠪᠡ᠃ ᠡᠨᠡ ᠤᠳᠠᠭ᠎ᠠ ᠶᠢᠨ ᠷᠢᠦ᠋ ᠳ᠋ᠢ | ᠿᠧᠨ᠋ᠸᠶᠢᠷᠦ᠋ ᠶᠢᠨ ᠲᠦᠷᠦᠭᠦᠴᠦᠳ ᠤᠨ ᠬᠤᠷᠠᠯ ᠳᠤ ︽ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠦᠷᠭᠦᠯᠵᠢᠯᠡᠬᠦᠶᠢᠴᠡ | ᠪᠥᠮᠪᠥᠷᠴᠡᠭ ᠢ ᠪᠠᠶᠢᠭᠤᠯᠤᠶ᠎ᠠ︾ ᠭᠡᠬᠦ ᠭᠤᠣᠯ ᠰᠡᠳᠦᠪ ᠢ ᠲᠣᠭᠲᠠᠭᠠᠵᠤ᠂ ︽ᠥᠯᠥᠰᠬᠦᠯᠡᠩ ᠭᠠᠴᠢᠭ ᠬᠢᠭᠡᠳ ᠶᠠᠳᠠᠭᠤ | ᠬᠦᠴᠢᠷᠳᠡᠯ ᠢ ᠠᠷᠢᠯᠭᠠᠬᠤ︾ ᠶᠢ ᠲᠡᠷᠢᠭᠦᠨ ᠵᠥᠪᠯᠡᠬᠦ ᠰᠡᠳᠦᠪ ᠪᠤᠯᠭᠠᠬᠰᠠᠨ ᠪᠥᠭᠡᠳ ︽ᠥᠯᠥᠰᠬᠦᠯᠡᠩ ᠭᠠᠴᠢᠭ ᠬᠢᠭᠡᠳ | ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ︾ ᠶᠢ ᠪᠠᠶᠢᠭᠤᠯᠬᠤ ᠪᠠᠷ ᠲᠣᠭᠲᠠᠪᠠ᠃ | ᠬᠠᠩᠵᠧᠦ ᠠᠴᠠ ᠷᠢᠦ᠋ ᠳ᠋ᠢ ᠿᠧᠨ᠋ᠸᠶᠢᠷᠦ᠋ ᠭᠦᠷᠲᠡᠯ᠎ᠡ᠂ ᠪᠢᠳᠡ ᠴᠥᠮ ᠠᠳᠠᠯᠢᠬᠠᠨ ᠨᠢᠭᠡ ᠬᠠᠷᠠᠯᠲᠠ ᠥᠭᠡᠳᠡ ᠴᠢᠷᠮᠠᠶᠢᠵᠤ | ᠪᠠᠶᠢᠨ᠎ᠠ᠂ ᠳᠠᠷᠤᠢ ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠨ᠎ᠠ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠠᠷᠠᠯᠵᠢᠶᠠᠨ ᠤ ᠪᠡᠯᠡ ᠣᠷᠣᠭᠤᠯᠤᠯᠲᠠ᠂ | ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ | ᠬᠥᠭᠵᠢᠯᠲᠡ ᠶᠢᠨ ᠪᠠᠶᠢᠭᠤᠯᠤᠮᠵᠢ ᠪᠠᠨ ᠬᠦᠴᠦᠷᠬᠡᠭᠵᠢᠭᠦᠯᠵᠦ᠂ ᠬᠠᠮᠲᠤᠷᠠᠯᠴᠠᠭᠠᠨ ᠤ ᠬᠥᠭᠦᠷᠭᠡ ᠶᠢ ᠢᠯᠡᠭᠦᠬᠡᠨ ᠲᠠᠯᠪᠢᠵᠤ᠂ ︽ | ᠵᠢᠵᠢᠭ ᠬᠦᠷᠢᠶ᠎ᠡ ᠥᠨᠳᠥᠷ ᠬᠡᠷᠡᠮ︾ ᠢ ᠴᠥᠭᠡᠳᠬᠡᠵᠦ᠂ ᠨᠡᠩ ᠤᠯᠠᠨ ᠬᠥᠭᠵᠢᠵᠦ ᠪᠠᠶᠢᠭ᠎ᠠ ᠤᠯᠤᠰ ᠤᠳ ᠢ | ᠰᠠᠶᠢᠨ ᠰᠠᠶᠢᠬᠠᠨ ᠠᠮᠢᠳᠤᠷᠠᠭᠤᠯᠵᠤ᠂ ᠣᠳᠣᠬᠢᠴᠢᠯᠠᠯᠲᠠ ᠶᠢ ᠪᠡᠶᠡᠯᠡᠭᠦᠯᠦᠶ᠎ᠡ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠬᠥᠭᠵᠢᠵᠦ ᠪᠠᠶᠢᠭ᠎ᠠ ᠤᠯᠤᠰ ᠤᠳ ᠤᠨ | ᠬᠢᠨ ᠤ ᠦᠷᠭᠦᠯᠵᠢᠯᠡ᠊ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠠᠪᠬᠤ ᠶᠢ ᠲᠡᠮᠵᠢᠵᠤ᠂ ᠠᠭᠤᠷ ᠠᠮᠢᠰᠬᠤᠯ ᠤᠨ | ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠠᠷᠢᠯᠬᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ | ᠰᠢᠯᠭᠠᠯᠲᠠ ᠶᠢ ᠲᠣᠬᠢᠲᠠᠢ ᠠᠷᠭᠠᠴᠠᠭᠠᠵᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ᠂ ᠬᠥᠮᠥᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠶ᠎ᠡ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠨᠡᠭᠡᠭᠡᠯᠲᠡᠲᠡᠢ᠂ ᠪᠠᠭᠲᠠᠭᠠᠮᠵᠢᠲᠠᠢ᠂ | ᠭᠠᠳᠠᠭᠤᠷᠴᠢᠯᠠᠯ ᠦᠭᠡᠢ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠴᠢᠨ ᠨᠥᠬᠦᠴᠡᠯ ᠢ ᠪᠤᠢ ᠪᠤᠯᠭᠠᠵᠤ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠰᠢᠨ᠎ᠡ ᠮᠡᠷᠭᠡᠵᠢᠯ᠂ | ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠷ ᠦᠷᠭᠦᠯᠵᠢᠯᠡᠬᠦ ᠬᠥᠭᠵᠢᠯᠲᠡ ᠳᠤ ᠬᠦᠴᠦᠨ ᠣᠯᠭᠤᠵᠤ᠂ | ᠬᠥᠭᠵᠢᠵᠦ ᠪᠠᠶᠢᠭ᠎ᠠ ᠤᠯᠤᠰ ᠤᠳ ᠤᠨ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ | ᠤᠷᠤᠰᠬᠠᠯ ᠳᠤ ᠨᠡᠩ ᠰᠠᠶᠢᠲᠤᠷ ᠠᠭᠤᠰᠤᠯᠴᠠᠬᠤ ᠶᠢ ᠳᠡᠮᠵᠢᠵᠦ᠂ ᠬᠥᠭᠵᠢᠵᠦ ᠪᠠᠶᠢᠭ᠎ᠠ ᠤᠯᠤᠰ ᠪᠣᠯᠣᠨ ᠬᠥᠭᠵᠢᠭᠰᠡᠨ ᠤᠯᠤᠰ | ᠤᠨ ᠵᠥᠷᠢᠶ᠎ᠡ ᠶᠢ ᠪᠠᠭᠠᠰᠬᠠᠶ᠎ᠠ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ | ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠶ᠎ᠠ᠃ | ᠬᠠᠮᠲᠤ ᠠᠵᠢᠯᠯᠠᠭᠰᠠᠳ ᠠ᠋︕ | ᠳᠤᠮᠳᠠᠳᠤ ᠤᠯᠤᠰ ᠤᠨ ᠬᠥᠭᠵᠢᠯᠲᠡ ᠪᠣᠯ ᠪᠦᠭᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢᠨ ᠴᠢᠬᠤᠯᠠ | ᠪᠦᠷᠢᠯᠳᠦᠭᠦᠨ ᠬᠡᠰᠡᠭ ᠮᠥᠨ᠃ ᠳᠤᠮᠳᠠᠳᠤ | ᠤᠯᠤᠰ ᠨᠢᠭᠡᠨᠲᠡ 8 ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ | ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ | ᠵᠦᠢᠯᠡᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ | ᠡᠳᠡᠭᠡᠷ ᠠᠮᠵᠢᠯᠲᠠ ᠪᠦᠲᠦᠮᠵᠢ ᠨᠢ ᠲᠡᠭᠷᠢ ᠠᠴᠠ ᠤᠨᠠᠵᠤ ᠢᠷᠡᠭᠰᠡᠨ ᠪᠢᠰᠢ᠂ ᠬᠠᠷᠢᠨ ᠳᠤᠮᠳᠠᠳᠤ ᠤᠯᠤᠰ ᠤᠨ ᠵᠠᠰᠠᠭ ᠤᠨ | ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠷᠭᠠᠭᠤ | ᠬᠠᠲᠠᠭᠤᠵᠢᠯᠲᠠᠢ ᠲᠡᠮᠡᠴᠡᠵᠦ ᠣᠯᠣᠭᠰᠠᠨ ᠶᠤᠮ᠃ ᠳᠤᠮᠳᠠᠳᠤ ᠤᠯᠤᠰ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠶᠢ | ᠪᠠᠷᠢᠮᠲᠠᠯᠠᠵᠤ᠂ ︽ᠶᠠᠳᠠᠭᠤ ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠨᠢᠭᠡ ᠶᠢ ᠴᠦ | ᠣᠷᠬᠢᠭᠳᠠᠭᠤᠯᠬᠤ ᠦᠭᠡᠢ︾ ᠭᠡᠵᠦ ᠲᠥᠪ ᠴᠢᠩᠭ᠎ᠠ ᠪᠠᠷ ᠠᠮᠠᠯᠳᠠᠪᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ | ᠪᠠᠷᠢᠮᠲᠠᠯᠠᠵᠤ᠂ ᠲᠣᠰᠬᠤᠨ᠂ ᠡᠷᠦᠭᠡ᠂ ᠬᠥᠮᠥᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠡᠶᠡᠯᠡᠭᠦᠯᠪᠡ᠃ ᠠᠵᠤ ᠠᠬᠤᠢ ᠶᠢᠨ ᠬᠥᠭᠵᠢᠯᠲᠡ ᠶᠢᠨ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠴᠢᠳᠠᠪᠤᠷᠢᠲᠠᠨ᠂ | ᠪᠡᠯᠡ ᠮᠥᠩᠭᠦ᠂ ᠮᠡᠷᠭᠡᠵᠢᠯ ᠢ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠶᠢᠰᠢ ᠰᠢᠯᠵᠢᠭᠦᠯᠬᠦ ᠶᠢ ᠢᠳᠡᠪᠬᠢᠲᠡᠢ ᠬᠥᠲᠥᠯᠥᠨ | ᠵᠢᠯᠣᠭᠤᠳᠪᠠ᠃ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ | ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ ᠬᠠᠪᠰᠤᠷᠤᠨ ᠰᠠᠭᠤᠷᠢ | ᠲᠥᠬᠦᠭᠡᠷᠦᠮᠵᠢ ᠶᠢ ᠨᠢ ᠰᠠᠶᠢᠵᠢᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠴᠢᠰᠤ | ᠪᠦᠲᠦᠭᠡᠬᠦ︾ ᠴᠢᠳᠠᠮᠵᠢ ᠲᠠᠢ ᠠᠵᠤ ᠦᠢᠯᠡᠰ ᠢ ᠬᠥᠭᠵᠢᠭᠦᠯᠪᠡ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤᠮᠳᠠ | ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠬᠥᠭᠵᠢᠭᠰᠡᠨ ᠭᠠᠵᠠᠷ ᠣᠷᠣᠨ ᠬᠢᠭᠡᠳ ᠬᠠᠷᠠᠬᠠᠨ ᠬᠥᠭᠵᠢᠭᠡᠳᠦᠢ ᠭᠠᠵᠠᠷ ᠣᠷᠣᠨ ᠤ | ᠬᠤᠭᠤᠷᠣᠨᠳᠤ ᠪᠠᠨ ︽ᠬᠠᠪᠰᠤᠷᠤᠯᠴᠠᠭ᠎ᠠ ᠪᠠᠶᠢᠭᠤᠯᠵᠤ︾ ᠬᠠᠪᠰᠤᠷᠤᠯᠴᠠᠬᠤ ᠶᠢ ᠠᠬᠢᠭᠤᠯᠪᠠ᠃ ᠪᠢ ᠤᠷᠢᠳ ᠬᠤᠵᠢᠳ | ᠳᠤᠮᠳᠠᠳᠤ ᠤᠯᠤᠰ ᠤᠨ ᠭᠠᠴᠠᠭ᠎ᠠ᠂ ᠰᠢᠶᠠᠨ᠂ ᠬᠤᠳᠠ᠂ ᠮᠤᠵᠢ᠂ ᠲᠥᠪ ᠬᠤᠷᠢᠶ᠎ᠠ ᠳᠤ ᠠᠵᠢᠯᠯᠠᠭᠰᠠᠨ ᠶᠤᠮ᠂ ᠶᠠᠳᠠᠭᠤ ᠶᠢ | ᠲᠡᠳᠬᠦᠬᠦ ᠪᠣᠯ ᠠᠵᠢᠯ ᠤᠨ ᠨᠢᠭᠡᠨ ᠴᠢᠬᠤᠯᠠ ᠠᠭᠤᠯᠭ᠎ᠠ ᠮᠥᠨ᠂ ᠪᠠᠰᠠ ᠴᠤ ᠮᠢᠨᠤ ᠬᠢᠵᠦ ᠪᠦᠲᠦᠭᠡᠬᠦ ᠪᠠᠷ ᠵᠣᠷᠢᠭ | ᠰᠢᠭᠤᠳᠤᠭᠰᠠᠨ ᠨᠢᠭᠡᠨ ᠲᠣᠮᠣ ᠶᠠᠪᠤᠳᠠᠯ ᠮᠥᠨ᠃ | ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠰᠠᠨ ᠥᠩᠭᠡᠷᠡᠯᠲᠡ ᠨᠢ ᠲᠤᠰᠤᠯ ᠤᠰᠤ ᠪᠠᠷ ᠴᠢᠯᠠᠭᠤ ᠶᠢ | ᠴᠤᠭᠤᠯᠬᠤ᠂ ᠵᠢᠷᠤᠭ ᠲᠥᠰᠥᠪ ᠢ ᠡᠴᠦᠰ | ᠲᠤᠨᠢ ᠲᠤᠯᠲᠠᠯ᠎ᠠ ᠵᠢᠷᠤᠭᠯᠠᠬᠤ ᠤᠶᠠᠨ ᠬᠠᠳᠠᠨ ᠴᠢᠨᠠᠷ᠂ ᠪᠠᠲᠤ ᠵᠣᠷᠢᠭ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ | ᠪᠠᠷᠢᠮᠲᠠᠯᠠᠪᠠᠯ ᠬᠥᠭᠵᠢᠵᠦ ᠪᠠᠶᠢᠭ᠎ᠠ ᠤᠯᠤᠰ ᠤᠳ ᠴᠦ ᠶᠠᠳᠠᠭᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠵᠦ᠂ ᠪᠤᠶᠢᠳᠤᠨ | ᠰᠢᠪᠠᠭᠤ ᠤᠷᠢᠳ ᠢᠶᠠᠷ ᠨᠢᠰᠴᠦ᠂ ᠥᠨᠳᠥᠷ ᠲᠤ ᠨᠢᠰᠴᠦ ᠪᠣᠯᠣᠨ᠎ᠠ ᠭᠡᠳᠡᠭ ᠢ ᠭᠡᠷᠡᠴᠢᠯᠡᠪᠡ᠃ ᠳᠤᠮᠳᠠᠳᠤ ᠤᠯᠤᠰ | ᠠᠮᠵᠢᠯᠲᠠ ᠣᠯᠵᠤ ᠪᠣᠯᠤᠭᠰᠠᠨ ᠶᠤᠮ ᠴᠢᠨᠢ᠂ ᠪᠤᠰᠤᠳ ᠬᠥᠭᠵᠢᠵᠦ ᠪᠠᠶᠢᠭ᠎ᠠ ᠤᠯᠤᠰ ᠤᠳ ᠴᠤ ᠠᠮᠵᠢᠯᠲᠠ ᠣᠯᠵᠤ ᠪᠣᠯᠣᠨ᠎ᠠ | ᠃ ᠡᠨᠡ ᠪᠣᠯ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠣᠭᠰᠠᠨ ᠤ ᠳᠡᠯᠡᠬᠡᠢ ᠳ᠋ᠠᠬᠢᠨ ᠤ ᠠᠴᠢ ᠬᠤᠯᠪᠣᠭᠳᠠᠯ ᠪᠣᠯᠣᠨ᠎ᠠ᠃ | ᠬᠠᠮᠲᠤ ᠠᠵᠢᠯᠯᠠᠭᠰᠠᠳ ᠠ᠋︕ | ᠳᠤᠮᠳᠠᠳᠤ ᠤᠯᠤᠰ ᠪᠣᠯ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠨᠢᠭᠡ ᠪᠦᠷᠢᠯᠳᠦᠭᠦᠨ ᠮᠥᠨ | ᠂ ᠬᠥᠭᠵᠢᠵᠦ ᠪᠠᠶᠢᠭ᠎ᠠ ᠤᠯᠤᠰ ᠤᠳ ᠤᠨ ᠨᠠᠶᠢᠳᠠᠪᠤᠷᠢᠲᠠᠢ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠬᠠᠨᠢᠲᠠᠨ ᠮᠥᠨ᠂ | ᠪᠠᠰᠠ ᠴᠤ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠳᠡᠮᠵᠢᠬᠦ ᠦᠢᠯᠡᠳᠦᠯᠭᠡᠵᠢᠭᠦᠯᠦᠭᠴᠢ ᠪᠠ ᠪᠣᠳᠠᠲᠠᠢ | ᠠᠵᠢᠯᠯᠠᠭᠴᠢ ᠮᠥᠨ᠃ ᠳᠤᠮᠳᠠᠳᠤ ᠤᠯᠤᠰ ᠭᠠᠭᠴᠠ ᠴᠡᠴᠡᠭ ᠪᠠᠳᠠᠷᠠᠨ ᠳᠡᠯᠭᠡᠷᠡᠬᠦ ᠶᠢ ᠬᠥᠭᠡᠭᠡᠴᠡᠯᠳᠦᠬᠦ ᠦᠭᠡᠢ ᠬᠠᠷᠢᠨ | ᠴᠡᠴᠡᠭ ᠪᠦᠭᠦᠨ ᠵᠡᠷᠭᠡ ᠪᠠᠷ ᠳᠡᠯᠭᠡᠷᠡᠵᠦ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠭᠠᠷ ᠬᠤᠯᠪᠣᠨ | ᠣᠳᠣᠬᠢᠴᠢᠯᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠠᠳᠡ ᠪᠢ ᠳᠤᠷᠠᠲᠠᠶ᠎ᠠ ᠳᠤᠮᠳᠠᠳᠤ ᠤᠯᠤᠰ ᠤᠨ ᠪᠦᠭᠦ | ᠪᠥᠮᠪᠥᠷᠴᠡᠭ ᠤᠨ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠶ᠎ᠡ᠃ | ᠨᠢᠭᠡᠳᠦᠭᠡᠷ ᠲᠤ᠂ ︽ᠨᠢᠭᠡ ᠪᠦᠰᠡ ᠨᠢᠭᠡ ᠵᠠᠮ︾ ᠢ ᠭᠠᠷ ᠬᠤᠯᠪᠣᠯᠴᠠᠨ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠤᠨ᠎ᠠ᠃ 7000 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠬᠤᠷᠠᠮᠳᠤᠭᠤᠯᠬᠤ | ᠴᠣᠩᠬᠤᠪᠴᠢ ᠶᠢ ᠰᠢᠨ᠎ᠡ ᠪᠠᠷ ᠪᠠᠶᠢᠭᠤᠯᠵᠤ᠂ ᠲᠣᠷᠭᠠᠨ ᠵᠠᠮ ᠤᠨ ᠰᠠᠭᠤᠷᠢ ᠮᠥᠩᠭᠦ ᠳᠤ 800 ᠳ᠋ᠦᠩᠰᠢᠭᠤᠷ ᠲᠥᠭᠦᠷᠢᠭ ᠤᠨ | ᠠᠷᠠᠳ ᠤᠨ ᠵᠣᠭᠤᠰ ᠤᠨ ᠪᠡᠯᠡ ᠮᠥᠩᠭᠦ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠪᠣᠰᠤᠭ᠎ᠠ ᠴᠣᠭᠴᠠᠲᠤ | ᠬᠤᠯᠪᠣᠯᠳᠤᠨ ᠨᠡᠪᠲᠡᠷᠡᠯᠴᠡᠬᠦ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠠᠶᠢᠭᠤᠯᠵᠤ᠂ ᠪᠣᠬᠢᠷᠳᠤᠯ ᠦᠭᠡᠢ ᠲᠣᠷᠭᠠᠨ | ᠵᠠᠮ ᠢᠶᠠᠷ ᠬᠥᠲᠥᠯᠥᠨ ᠳᠠᠭᠠᠭᠤᠯᠵᠤ᠂ ᠲᠣᠭᠠᠴᠢᠯᠠᠭᠰᠠᠨ ᠲᠣᠷᠭᠠᠨ ᠵᠠᠮ ᠳᠤ ᠬᠦᠴᠦᠨ ᠣᠯᠭᠤᠨ᠎ᠠ᠃ | ᠬᠤᠶᠠᠳᠤᠭᠠᠷ ᠲᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠎ᠠ᠃ ᠨᠢᠭᠡᠨᠲᠡ | 1100 ᠭᠠᠷᠤᠢ ᠬᠥᠭᠵᠢᠯᠲᠡ ᠶᠢᠨ ᠲᠥᠷᠥᠯ ᠵᠦᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ︾ ᠤᠨ ᠰᠤᠳᠤᠯᠭᠠᠨ ᠤ ᠲᠥᠪ ᠢ ᠰᠠᠶᠢᠲᠤᠷ ᠪᠦᠲᠦᠭᠡᠨ ᠪᠠᠶᠢᠭᠤᠯᠵᠤ᠂ 200 | ᠳ᠋ᠦᠩᠰᠢᠭᠤᠷ ᠳ᠋ᠣᠯᠯᠠᠷ ᠤᠨ ᠪᠡᠯᠡ ᠮᠥᠩᠭᠦ ᠶᠢᠨ ᠴᠣᠩᠬᠤᠪᠴᠢ ᠶᠢ ᠦᠷᠭᠦᠯᠵᠢᠯᠡᠨ ᠰᠠᠶᠢᠲᠤᠷ ᠬᠡᠷᠡᠭᠯᠡᠨ ᠬᠥᠭᠵᠢᠵᠦ ᠪᠠᠶᠢᠭ᠎ᠠ | ᠤᠯᠤᠰ ᠤᠳ ᠢ ᠳᠡᠮᠵᠢᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠮᠤ ᠪᠤᠳᠠᠭᠠᠨ ᠤ ᠠᠮᠤᠷ ᠲᠦᠪᠰᠢᠨ | ᠂ ᠲᠣᠭᠠᠴᠢᠯᠠᠭᠰᠠᠨ ᠠᠵᠤ ᠠᠬᠤᠢ ᠵᠡᠷᠭᠡ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ | ᠭᠤᠷᠪᠠᠳᠤᠭᠠᠷ ᠲᠤ᠂ ᠠᠹᠷᠢᠺᠠ ᠲᠢᠪ ᠤᠨ ᠬᠥᠭᠵᠢᠯᠲᠡ ᠶᠢ ᠲᠡᠮᠵᠢᠨ᠎ᠠ᠃ ᠡᠨᠡ ᠵᠢᠯ ᠤᠨ 9 ᠰᠠᠷ᠎ᠠ ᠳᠤ᠂ ᠪᠢ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠢᠷᠡᠬᠦ | 3 ᠵᠢᠯ ᠳᠤ ᠠᠹᠷᠢᠺᠠ ᠲᠢᠪ ᠯᠦᠭᠡ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ | ᠠᠵᠢᠯᠯᠠᠭ᠎ᠠ ᠶᠢ ᠨᠡᠶᠢᠲᠡᠯᠡᠭᠰᠡᠨ ᠪᠥᠭᠡᠳ ᠡᠭᠦᠨ ᠳᠤ 3600 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰᠤᠨ ᠤ | ᠪᠡᠯᠡ ᠮᠥᠩᠭᠦᠨ ᠤ ᠳᠡᠮᠵᠢᠯᠭᠡ ᠬᠠᠩᠭᠠᠪᠠ᠃ | ᠳᠥᠷᠪᠡᠳᠦᠭᠡᠷ ᠲᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠠᠮᠤ ᠪᠤᠳᠠᠭᠠᠨ ᠤ ᠠᠮᠤᠷ | ᠲᠦᠪᠰᠢᠨ ᠤ ᠲᠤᠬᠠᠢ ᠤᠯᠠᠨ ᠤᠯᠤᠰ ᠤᠨ ᠬᠠᠮᠲᠤᠷᠠᠯᠴᠠᠭ᠎ᠠ ᠶᠢ ᠲᠡᠮᠵᠢᠨ᠎ᠡ᠃ ᠳᠤᠮᠳᠠᠳᠤ ᠶᠢᠨ ᠲᠠᠯ᠎ᠠ ︽ᠥᠯᠥᠰᠬᠦᠯᠡᠩ | ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ | ᠬᠤᠯᠪᠤᠭ᠎ᠠ︾ ᠳᠤ ᠣᠷᠤᠯᠴᠠᠬᠤ ᠪᠠᠷ ᠲᠣᠭᠲᠠᠵᠤ᠂ ᠬᠤᠷᠢᠨ ᠤᠯᠤᠰ ᠤᠨ ᠪᠦᠯᠦᠭᠯᠡᠯ ᠤᠨ ᠬᠥᠭᠵᠢᠯᠲᠡ ᠶᠢᠨ ᠰᠠᠶᠢᠳ ᠨᠠᠷ ᠤᠨ | ᠬᠤᠷᠠᠯ ᠢ ᠦᠷᠭᠦᠯᠵᠢᠯᠡᠨ ᠡᠷᠭᠢᠯᠡᠭᠦ ᠶᠢ ᠳᠡᠮᠵᠢᠬᠦ ᠶᠢᠨ ᠬᠠᠮᠲᠤ ᠤᠯᠠᠨ ᠤᠯᠤᠰ ᠤᠨ ᠠᠮᠤ ᠪᠤᠳᠠᠭᠠᠨ ᠤ ᠬᠤᠷᠣᠭᠳᠠᠭᠤᠯᠤᠯ ᠢ | ᠪᠠᠭᠠᠰᠬᠠᠬᠤ ᠶᠡᠭᠡ ᠬᠤᠷᠠᠯ ᠢ ᠦᠷᠭᠦᠯᠵᠢᠯᠡᠨ ᠭᠤᠣᠯᠯᠠᠨ ᠡᠷᠭᠢᠯᠡᠨ᠎ᠠ | ᠲᠠᠪᠤᠳᠤᠭᠠᠷ ᠲᠤ᠂ ᠳᠤᠮᠳᠠᠳᠤ ᠤᠯᠤᠰ ᠪᠷᠠᠽᠢᠯ᠂ ᠡᠮᠦᠨᠡᠲᠦ ᠠᠹᠷᠢᠺᠠ᠂ ᠠᠹᠷᠢᠺᠠ ᠲᠢᠪ ᠤᠨ ᠤᠯᠤᠰ ᠤᠳ ᠤᠨ | ᠬᠤᠯᠪᠤᠭ᠎ᠠ ᠲᠠᠢ ᠬᠠᠮᠲᠤ ᠪᠠᠷ ︽ᠨᠡᠭᠡᠭᠡᠯᠲᠡᠲᠡᠢ ᠰᠢᠨᠵᠢᠯᠡᠬᠦ ᠤᠬᠠᠭᠠᠨ ᠤ ᠤᠯᠠᠨ ᠤᠯᠤᠰ ᠤᠨ ᠬᠠᠮᠲᠤᠷᠠᠯᠴᠠᠭᠠᠨ ᠤ | ᠰᠠᠨᠠᠭᠠᠴᠢᠯᠠᠭ᠎ᠠ︾ ᠶᠢ ᠡᠭᠦᠰᠬᠡᠨ ᠳᠤᠷᠠᠳᠴᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠨᠡᠩ ᠤᠯᠠᠨ | ᠠᠰᠢᠭ ᠬᠦᠷᠲᠡᠭᠡᠬᠦ ᠶᠢ ᠠᠬᠢᠭᠤᠯᠤᠨ᠎ᠠ᠃ | ᠵᠢᠷᠭᠤᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ | ᠲᠤ ᠪᠤᠶᠠᠨ ᠦᠢᠯᠡᠳᠬᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠵᠤ᠂ ︽ᠬᠥᠭᠵᠢᠵᠦ ᠪᠠᠶᠢᠭ᠎ᠠ | ᠤᠯᠤᠰ ᠤᠳ ᠲᠤ ᠴᠡᠪᠡᠷ ᠡᠨᠧᠷᠭᠢ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠵᠠᠮ ᠱᠤᠭᠤᠮ ᠤᠨ ᠵᠢᠷᠤᠭ︾᠂ ︽ᠠᠮᠢᠳᠤ | ᠪᠣᠳᠠᠰ ᠤᠨ ᠠᠵᠤ ᠠᠬᠤᠢ ᠶᠢᠨ ᠳᠡᠭᠡᠳᠦ ᠲᠡᠰ ᠤᠨ ᠵᠠᠷᠴᠢᠮ︾ ᠵᠡᠷᠭᠡ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ | ᠪᠡᠭᠡᠵᠢᠩ ᠳᠤ ᠪᠠᠶᠢᠭᠤᠯᠤᠭᠰᠠᠨ ᠬᠤᠷᠢᠨ ᠤᠯᠤᠰ ᠤᠨ ᠪᠦᠯᠦᠭᠯᠡᠯ ᠤᠨ ᠦᠢᠯᠡᠰ ᠪᠣᠰᠬᠠᠬᠤ ᠰᠤᠳᠤᠯᠭᠠᠨ ᠤ ᠲᠥᠪ ᠤᠨ | ᠠᠵᠢᠯ ᠢ ᠲᠡᠮᠵᠢᠵᠤ᠂ ᠡᠯ᠎ᠡ ᠲᠠᠯ᠎ᠠ ᠶᠢᠨ ᠬᠢᠨ ᠤ ᠲᠣᠭᠠᠴᠢᠯᠠᠭᠰᠠᠨ ᠰᠤᠷᠭᠠᠨ ᠬᠥᠮᠦᠵᠢᠯ᠂ ᠮᠦᠽᠧᠢ ᠶᠢᠨ ᠲᠣᠭᠠᠴᠢᠯᠠᠯᠲᠠ᠂ | ᠡᠷᠲᠡᠨ ᠤ ᠨᠣᠮ ᠪᠢᠴᠢᠭ ᠤᠨ ᠲᠣᠭᠠᠴᠢᠯᠠᠯᠲᠠ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ | ᠳᠣᠯᠣᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ︽ᠢᠯᠵᠠᠷᠠᠯ ᠢ ᠡᠰᠡᠷᠭᠦᠴᠡᠬᠦ ᠠᠵᠢᠯᠯᠠᠭᠠᠨ ᠤ ᠲᠥᠯᠥᠪᠯᠡᠭᠡ︾ | ᠶᠢ ᠨᠠᠶᠢᠳᠠᠪᠤᠷᠢᠵᠢᠭᠤᠯᠵᠤ᠂ | ᠬᠥᠭᠵᠢᠵᠦ ᠪᠠᠶᠢᠭ᠎ᠠ ᠤᠯᠤᠰ ᠤᠳ ᠯᠤᠭ᠎ᠠ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ | ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ᠂ ᠢᠯᠵᠠᠷᠠᠯ ᠢ ᠳᠠᠯᠳᠠᠯᠠᠬᠤ ᠭᠠᠵᠠᠷ ᠦᠭᠡᠢ ᠪᠤᠯᠭᠠᠬᠤ᠂ ᠢᠯᠵᠠᠷᠠᠯ ᠢ ᠡᠰᠡᠷᠭᠦᠴᠡᠬᠦ | ᠴᠢᠳᠠᠪᠤᠷᠢ ᠶᠢᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠ᠊ | ᠨᠠᠢᠮᠠᠳᠤᠭᠠᠷ ᠲᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠵᠦ᠂ | ᠬᠠᠮᠤᠭ ᠤᠨ ᠬᠥᠭᠵᠢᠭᠡᠳᠦᠢ ᠤᠯᠤᠰ ᠲᠤ ᠭᠠᠭᠴᠠ ᠲᠠᠯ᠎ᠠ ᠶᠢᠨ ᠨᠡᠭᠡᠭᠡᠯᠲᠡ ᠬᠢᠬᠦ ᠶᠢ ᠥᠷᠭᠡᠳᠬᠡᠨ᠎ᠡ᠃ ᠳᠤᠮᠳᠠᠳᠤ | ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠪᠤᠢ ᠪᠦᠬᠦᠢ ᠬᠠᠮᠤᠭ ᠤᠨ ᠬᠥᠭᠵᠢᠭᠡᠳᠦᠢ ᠤᠯᠤᠰ ᠲᠤ | 100% ᠶᠢᠨ ᠭᠠᠶᠢᠯᠢ ᠶᠢᠨ ᠲᠥᠷᠥᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠬᠠᠷᠠᠭᠠᠯᠵᠠᠯ | ᠦᠵᠡᠭᠦᠯᠦᠨ᠎ᠡ ᠭᠡᠵᠦ ᠨᠢᠭᠡᠨᠲᠡ ᠨᠡᠶᠢᠲᠡᠯᠡᠪᠡ᠃ ᠣᠲᠣ ᠠᠴᠠ 2030 ᠣᠨ ᠪᠤᠯᠲᠠᠯ᠎ᠠ᠂ ᠳᠤᠮᠳᠠᠳᠤ ᠤᠯᠤᠰ ᠤᠨ ᠬᠥᠭᠵᠢᠵᠦ | ᠪᠠᠶᠢᠭ᠎ᠠ ᠤᠯᠤᠰ ᠤᠳ ᠠᠴᠠ ᠣᠷᠣᠭᠤᠯᠬᠤ ᠬᠡᠮᠵᠢᠶ᠎ᠡ 8 ᠲᠦᠮᠡᠨ ᠳ᠋ᠦᠩᠰᠢᠭᠤᠷ ᠳ᠋ᠣᠯᠯᠠᠷ ᠢ ᠳᠠᠪᠠᠭ᠋ᠤ ᠪᠣᠯᠣᠮᠵᠢ ᠲᠠᠢ ᠪᠠᠶᠢᠨ᠎ᠠ᠃ | | ᠬᠠᠮᠲᠤ ᠠᠵᠢᠯᠯᠠᠭᠰᠠᠳ ᠠ᠋︕ | ᠮᠢᠩᠭᠠᠨ ᠭᠠᠵᠠᠷ ᠤᠨ ᠠᠶᠠᠨ ᠬᠥᠯ ᠳᠣᠣᠷ᠎ᠠ ᠠᠴᠠ ᠡᠬᠢᠯᠡᠨ᠎ᠡ ᠭᠡᠵᠦ ᠳᠤᠮᠳᠠᠳᠤᠴᠤᠳ ᠪᠠᠶᠢᠩᠭᠤ ᠬᠡᠯᠡᠳᠡᠭ᠃ ᠳᠤᠮᠳᠠᠳᠤ | ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠬᠥᠳᠡᠯᠦᠯᠴᠡᠵᠦ᠂ ᠬᠠᠮᠲᠤ ᠪᠠᠷ ᠬᠥᠭᠵᠢᠭᠰᠡᠨ ᠲᠥᠪ ᠭᠤᠣᠯᠴᠢ | ᠳᠡᠯᠡᠬᠡᠢ ᠶᠢᠷᠲᠢᠨᠴᠦ ᠶᠢ ᠪᠠᠶᠢᠭᠤᠯᠵᠤ᠂ ᠶᠠᠳᠠᠭᠤ ᠬᠦᠴᠢᠷᠳᠡᠯ ᠢ ᠥᠩᠭᠡᠷᠡᠭᠰᠡᠨ ᠤ ᠬᠢ ᠪᠤᠯᠭᠠᠵᠤ᠂ ᠰᠠᠶᠢᠨ ᠰᠠᠶᠢᠬᠠᠨ ᠬᠦᠰᠡᠯ | ᠢᠷᠡᠭᠡᠳᠦᠢ ᠶᠢ ᠪᠣᠳᠠᠲᠤ ᠠᠬᠤᠢ ᠪᠣᠯᠭᠠᠨ᠎ᠠ᠃ | ᠣᠯᠠᠨ ᠳᠤ ᠪᠠᠶᠠᠷᠯᠠᠯ᠎ᠠ᠃ | ︵ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨ᠋ᠸᠶᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ︶ | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | | | | | |