ᠪᠥᠬᠦ ᠬᠤᠰᠢᠭᠤᠨ ᠤ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/26
    11 ᠰᠠᠷ᠎ᠠ ᠶᠢᠨ 25 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠪᠡ᠃
 全旗违法违规用地问题整改工作推进会召开.jpg 
    ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠣᠳᠣᠬᠠᠨ ᠤ ᠡᠷᠬᠡᠪᠰᠢ ᠠᠳᠬᠤᠬᠤ ᠮᠥᠷᠲᠡᠭᠡᠨ ᠡᠷᠬᠡᠪᠰᠢ ᠰᠠᠶᠢᠲᠤᠷ ᠠᠳᠬᠤᠬᠤ ᠠᠵᠢᠯ ᠪᠣᠯᠤᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠭᠦᠨ ᠤ ᠤᠯᠤᠰ ᠲᠦᠷᠦᠴᠢ ᠴᠢᠨᠠᠷ ᠪᠣᠯᠤᠨ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠴᠢᠩᠭ᠎ᠠ᠂ ᠨᠠᠷᠢᠯᠢᠭ᠂ ᠪᠣᠳᠠᠲᠠᠢ᠂ ᠲᠦᠷᠭᠡᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠡᠭᠦᠰᠦᠭᠰᠡᠨ ᠰᠢᠯᠲᠠᠭᠠᠨ ᠢ ᠵᠦᠢᠯ ᠳᠠᠷᠠᠭᠠᠯᠠᠨ ᠵᠠᠳᠠᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠨ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠬᠡᠷᠡᠭᠲᠡᠶ᠃ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠭᠠᠵᠠᠷ ᠰᠢᠷᠣᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠨᠡᠩ ᠶᠡᠭᠡ ᠡᠷᠴᠢᠮ ᠢᠶᠠᠷ ᠲᠠᠷᠢᠶᠠᠨ ᠭᠠᠵᠠᠷ ᠢ ᠬᠠᠮᠠᠭᠠᠯᠠᠬᠤ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠡᠢ᠃     ᠬᠤᠷᠠᠯ ᠠᠴᠠ ᠪᠠᠰᠠ ᠶᠡᠭᠡ ᠴᠠᠰᠤᠨ ᠤ ᠬᠡᠲᠦᠷᠡᠮᠡᠬᠡᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠲᠠᠷᠢᠶᠠᠯᠠᠩ ᠤᠨ ᠲᠥᠬᠦᠭᠡᠷᠦᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠬᠠᠳᠠᠭᠠᠯᠠᠯᠲᠠ ᠶᠢᠨ ᠠᠮᠤᠷ ᠲᠦᠪᠰᠢᠨ ᠢ ᠪᠠᠲᠤᠯᠠᠵᠤ᠂ ᠣᠨᠴᠠᠭᠠᠢ ᠴᠠᠭ ᠠᠭᠤᠷ ᠤᠨ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号