ᠭᠦᠸᠧ ᠲᠢᠶᠠᠨ ᠪᠦᠦ 2024 ᠣᠨ ᠤ 13 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/27
     11 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ 2024 ᠣᠨ ᠤ 13 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠶᠠᠩ ᠧᠨ ᠵᠧᠨ᠂ ᠯᠢ ᠶᠠᠨ ᠬᠤᠸᠠ᠂ ᠰᠢᠶᠠᠩ ᠭᠦᠸᠧ ᠸᠧᠶ᠂ ᠯᠢ ᠸᠧᠶ ᠮᠢᠩ᠂ ᠱᠤᠸᠠᠩ ᠵᠦ᠂ ᠲᠤᠤ ᠵᠧᠩ ᠯᠢᠶᠠᠩ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠢᠩ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠹᠦ᠋ ᠷᠦᠩ ᠬᠤᠷᠠᠯ ᠳᠤ ᠰᠤᠯᠠ ᠣᠷᠣᠯᠴᠠᠵᠠᠶ᠃
 郭天宝主持召开2024年第13次政府常务会议.jpg     ᠬᠤᠷᠠᠯ ᠠᠴᠠ 2024 ᠣᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ
ᠰᠤᠷᠲᠠᠬᠤᠨ ᠤ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠥᠷᠨᠢᠭᠦᠯᠦᠭᠰᠡᠨ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠠᠵᠢᠯᠳᠠᠨ᠂ ᠪᠦᠬᠦ ᠲᠠᠯ᠎ᠠ ᠶᠢᠨ᠂ ᠪᠦᠬᠦ ᠶᠠᠪᠤᠴᠠ ᠳᠤ ᠬᠥᠮᠦᠨ ᠬᠥᠮᠦᠵᠢᠭᠦᠯᠬᠦ ᠵᠠᠭᠪᠤᠷ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠢᠯᠡᠳᠦᠯᠭᠡ ᠶᠢᠨ ᠴᠢᠳᠠᠪᠤᠷᠢ ᠶᠢ ᠴᠢᠩᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠦᠭ ᠰᠦᠨᠡᠰᠦ ᠶᠢ ᠱᠤᠭᠤᠵᠤ ᠬᠥᠮᠦᠨ ᠢ ᠨᠡᠩ ᠰᠠᠶᠢᠲᠤᠷ ᠬᠥᠮᠦᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠳᠤᠯᠤᠯᠳᠠ ᠶᠢᠨ ᠵᠢᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠴᠢᠬᠤᠯᠠ ᠴᠠᠭ ᠬᠤᠭᠤᠴᠠᠭ᠎ᠠ ᠶᠢ ᠡᠵᠡᠮᠳᠡᠵᠦ᠂ ᠵᠠᠩᠭᠢᠯᠠᠭ᠎ᠠ ᠶᠢᠨ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃    ᠬᠤᠷᠠᠯ ᠠᠴᠠ ᠬᠡᠰᠡᠭ ᠨᠡᠶᠢᠭᠡᠮ ᠲᠣᠭᠤᠷᠢᠭ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠶᠠᠪᠤᠳᠠᠯ ᠢ ᠰᠤᠳᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠡᠬᠢ ᠪᠠᠶᠠᠯᠢᠭ ᠢ ᠢᠳᠡᠪᠬᠢᠲᠡᠢ ᠨᠡᠶᠢᠳᠬᠡᠨ ᠠᠰᠢᠭᠯᠠᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠤᠨ ᠡᠭᠦᠷᠭᠡ ᠶᠢ ᠡᠭᠦᠷᠭᠡᠯᠡᠬᠦ ᠴᠢᠳᠠᠪᠤᠷᠢ ᠶᠢ ᠴᠢᠩᠭᠠᠳᠬᠠᠵᠤ᠂ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号