11 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠡᠯᠡᠬᠡᠢ ᠶᠢᠨ ᠢᠨᠲ᠋ᠧᠷ | ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠤᠨ ᠡᠬᠢᠯᠡᠭᠰᠡᠨ ᠳᠤ ᠸᠢᠳᠢᠤ᠋ ᠪᠠᠷ ᠪᠠᠶᠠᠷ | ᠬᠦᠷᠭᠡᠪᠡ᠃ |  11 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠡᠯᠡᠬᠡᠢ ᠶᠢᠨ ᠢᠨᠲ᠋ᠧᠷ | ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠡᠬᠢᠯᠡᠭᠰᠡᠨ ᠳᠤ ᠸᠢᠳᠢᠤ᠋ ᠪᠠᠷ ᠪᠠᠶᠠᠷ | ᠬᠦᠷᠭᠡᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ | ᠪᠣᠯᠣᠨ ᠠᠵᠤ ᠦᠢᠯᠡᠰ ᠤᠨ ᠬᠤᠪᠢᠰᠤᠯᠲᠠ ᠦᠳᠲᠡᠷ ᠲᠦᠷᠭᠡᠨ ᠬᠥᠭᠵᠢᠵᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ | ᠮᠡᠷᠭᠡᠵᠢᠯ ᠥᠷᠨᠢᠨ ᠬᠥᠭᠵᠢᠵᠦ᠂ ᠬᠥᠮᠥᠨ ᠲᠥᠷᠥᠯᠬᠢᠲᠡᠨ ᠤ ᠳᠡᠯᠡᠬᠡᠢ ᠶᠢᠷᠲᠢᠨᠴᠦ ᠶᠢ ᠲᠠᠨᠢᠬᠤ ᠪᠠ ᠳᠡᠯᠡᠬᠡᠢ ᠶᠢᠷᠲᠢᠨᠴᠦ ᠶᠢ | ᠥᠭᠡᠷᠡᠴᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠭᠦ ᠶᠢᠨ ᠬᠠᠮᠲᠤ ᠠᠯᠢ ᠤᠯᠠᠨ ᠤᠷᠢᠳᠴᠢᠯᠠᠨ ᠲᠥᠰᠥᠭᠡᠯᠡᠬᠦᠶ᠎ᠡ ᠪᠡᠷᠬᠡ | ᠠᠶᠤᠯ ᠲᠦᠭᠰᠢᠭᠦᠷᠢ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠪᠢᠳᠡ ᠲᠣᠭᠠᠴᠢᠯᠠᠭᠰᠠᠨ᠂ ᠰᠦᠯᠵᠢᠶᠡᠵᠢᠭᠰᠡᠨ᠂ | ᠣᠶᠤᠨᠴᠢᠯᠠᠭᠰᠠᠨ ᠬᠥᠭᠵᠢᠯᠲᠡ ᠶᠢᠨ ᠶᠡᠷᠦᠩᠬᠡᠢ ᠬᠠᠨᠳᠤᠰᠢ ᠶᠢ ᠡᠵᠡᠮᠳᠡᠵᠦ᠂ ᠰᠢᠨ᠎ᠡ ᠶᠢ ᠡᠭᠦᠳᠬᠦ ᠪᠠᠷ ᠨᠢᠭᠡᠳᠦᠭᠡᠷ | ᠬᠥᠳᠡᠯᠭᠡᠬᠦ ᠬᠦᠴᠦᠨ ᠪᠤᠯᠭᠠᠵᠤ᠂ ᠠᠮᠤᠷ ᠲᠦᠪᠰᠢᠨ ᠢᠶᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠤᠯᠭᠠᠵᠤ᠂ ᠲᠦᠭᠡᠮᠡᠯ | ᠬᠠᠷᠠᠭᠠᠯᠵᠠᠯ ᠢ ᠦᠷᠳᠡᠭ ᠤᠨ ᠬᠥᠭᠡᠭᠡᠴᠡᠯᠳᠦᠯ ᠪᠤᠯᠭᠠᠵᠤ᠂ ᠰᠦᠯᠵᠢᠶᠡᠨ ᠤ ᠣᠷᠣᠨ ᠵᠠᠢ ᠶᠢᠨ ᠰᠢᠨ᠎ᠡ ᠶᠢ ᠡᠭᠦᠳᠬᠦ | ᠬᠥᠭᠵᠢᠯᠲᠡ᠂ ᠠᠮᠤᠷ ᠲᠦᠪᠰᠢᠨ ᠬᠥᠭᠵᠢᠯᠲᠡ᠂ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠭᠠᠷ ᠬᠤᠯᠪᠣᠯᠴᠠᠨ ᠨᠡᠩ ᠰᠠᠶᠢᠨ ᠰᠠᠶᠢᠬᠠᠨ ︽ᠲᠣᠭᠠᠴᠢᠯᠠᠭᠰᠠᠨ ᠢᠷᠡᠭᠡᠳᠦᠢ︾ ᠵᠦᠭ ᠤᠷᠤᠭᠰᠢᠯᠠᠪᠠᠯ ᠵᠣᠬᠢᠨ᠎ᠠ᠃ | ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠮᠡᠳᠡᠭᠡ ᠵᠠᠩᠭᠢ ᠶᠢᠨ ᠬᠤᠪᠢᠰᠬᠠᠯ ᠤᠨ | ᠬᠥᠭᠵᠢᠯᠲᠡ ᠶᠢᠨ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠦᠯᠵᠢᠶᠡᠨ ᠤ ᠣᠷᠣᠨ ᠵᠠᠢ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠵᠤ᠂ ᠢᠨᠲ᠋ᠧᠷ ᠰᠦᠯᠵᠢᠶ᠎ᠡ ᠪᠠᠷ ᠠᠷᠠᠳ ᠲᠦᠮᠡᠨ ᠳᠤ | ᠨᠡᠩ ᠰᠠᠶᠢᠲᠤᠷ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ | ᠭᠠᠷᠭᠠᠪᠠ᠃ | 2024 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ | ᠬᠤᠷᠠᠯ ᠲᠤᠰ ᠡᠳᠦᠷ ᠵᠧᠵᠢᠶᠠᠩ ᠮᠤᠵᠢ ᠶᠢᠨ ᠲᠦᠩ ᠰᠢᠶᠠᠩ ᠬᠤᠳᠠ ᠶᠢᠨ ᠦᠵᠧᠨ ᠳᠤ ᠡᠬᠢᠯᠡᠵᠦ᠂ ︽ᠬᠥᠮᠥᠨ ᠢᠶᠠᠷ | ᠦᠨᠳᠦᠰᠦ ᠪᠤᠯᠭᠠᠬᠰᠠᠨ᠂ ᠣᠶᠤᠨᠴᠢ ᠥᠭᠡᠳᠡᠷᠬᠡᠭ ᠳᠠᠪᠰᠢᠩᠭᠤᠢ ᠲᠣᠭᠠᠴᠢᠯᠠᠭᠰᠠᠨ ᠢᠷᠡᠭᠡᠳᠦᠢ ᠶᠢ ᠤᠭᠲᠤᠶ᠎ᠠ - ᠭᠠᠷ | ᠬᠤᠯᠪᠣᠯᠴᠠᠨ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ | ᠭᠤᠣᠯ ᠰᠡᠳᠦᠪ ᠢᠶᠠᠷ ᠶᠠᠪᠤᠭᠳᠠᠨ᠎ᠠ᠂ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠠᠴᠠ ᠭᠤᠣᠯᠯᠠᠨ ᠡᠷᠭᠢᠯᠡᠵᠦ᠂ | ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃ ᠰᠢᠨᠬᠤᠸᠠ | ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 20 ᠤ ᠴᠠᠭᠢᠯᠭᠠᠨ ᠮᠡᠳᠡᠭᠡ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ |