ᠨᠡᠶᠢᠲᠡᠯᠡᠭᠰᠡᠨ ᠴᠠᠭ᠄ 2024/11/26 | | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 25 ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠣᠯᠣᠨ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ | ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠠᠷᠠᠪ ᠬᠡᠯᠡᠨ ᠤ ᠬᠡᠪᠯᠡᠯ ᠢ ᠣᠶᠢᠷ᠎ᠠ ᠶᠢᠨ ᠡᠳᠦᠷ ᠲᠥᠪ ᠤᠨ ᠨᠠᠶᠢᠷᠠᠭᠤᠯᠤᠨ | ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ | ᠲᠡᠭᠦᠪᠦᠷᠢ︾ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ | ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠶᠢ ᠣᠷᠣᠭᠤᠯᠵᠠᠢ᠃ | ᠲᠤᠰ ᠨᠣᠮ ᠤᠨ ᠠᠷᠠᠪ ᠬᠡᠯᠡᠨ ᠤ ᠬᠡᠪᠯᠡᠯ ᠪᠣᠯᠣᠨ ᠡᠮᠦᠨ᠎ᠡ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠬᠡᠯᠡᠨ ᠤ | ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ | ᠰᠢᠰᠲ᠋ᠧᠮ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠨᠡᠭᠡᠭᠡᠭᠰᠡᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ | ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠯᠴᠠᠨ ᠣᠳᠣᠬᠢᠴᠢᠯᠠᠯᠲᠠ ᠶᠢᠨ ᠵᠠᠮ ᠢᠶᠠᠷ | ᠬᠠᠮᠲᠤ ᠪᠠᠷ ᠵᠠᠮᠨᠠᠵᠤ᠂ ᠡᠩᠬᠡ ᠲᠠᠶᠢᠪᠤᠩ ᠬᠥᠭᠵᠢᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ᠂ ᠬᠠᠮᠲᠤ ᠳᠠᠭᠠᠨ | ᠮᠠᠨᠳᠤᠨ ᠪᠠᠳᠠᠷᠠᠭᠰᠠᠨ ᠳᠡᠯᠡᠬᠡᠢ ᠶᠢᠨ ᠣᠳᠣᠬᠢᠴᠢᠯᠠᠯᠲᠠ ᠶᠢᠨ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | |