ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢᠨ | ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ 2018 | ᠣᠨ ᠳᠤ᠂ ᠬᠡᠰᠡᠭ ᠲᠣᠰᠬᠤᠨ ᠤ ᠠᠷᠠᠳ ᠢ ᠳᠠᠶᠢᠴᠢᠯᠠᠨ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ ᠶᠢ | ᠪᠠᠶᠢᠭᠤᠯᠵᠤ᠂ ︽ᠬᠤᠷᠰᠢᠶ᠎ᠠ + ᠲᠣᠰᠬᠤᠨ ᠤ ᠬᠠᠮᠲᠤ ᠨᠡᠶᠢᠲᠡ + ᠲᠠᠷᠢᠶᠠᠴᠢᠨ ᠡᠷᠦᠬᠡ︾ ᠶᠢᠨ ᠪᠥᠬᠦ ᠶᠠᠪᠤᠴᠠ ᠶᠢ | ᠨᠠᠶᠢᠳᠠᠨ ᠬᠠᠮᠢᠶᠠᠷᠤᠭᠤᠯᠬᠤ ᠵᠠᠭᠪᠤᠷ ᠢ ᠬᠡᠷᠡᠭᠵᠢᠭᠦᠯᠦᠨ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠬᠤᠳᠠᠯᠳᠤᠨ | ᠠᠪᠬᠤ᠂ ᠨᠢᠭᠡᠳᠦᠯᠲᠡᠶ ᠭᠠᠵᠠᠷ ᠲᠡᠭᠰᠢᠯᠡᠬᠦ᠂ ᠨᠢᠭᠡᠳᠦᠯᠲᠡᠶ ᠲᠠᠷᠢᠬᠤ᠂ ᠨᠢᠭᠡᠳᠦᠯᠲᠡᠶ ᠤᠷᠭᠤᠮᠠᠯ ᠬᠠᠮᠠᠭᠠᠯᠠᠬᠤ᠂ | ᠨᠢᠭᠡᠳᠦᠯᠲᠡᠶ ᠬᠤᠷᠢᠶᠠᠬᠤ ︽ᠵᠢᠷᠭᠤᠭ᠎ᠠ ᠶᠢ ᠨᠢᠭᠡᠳᠦᠯᠲᠡᠶ ᠪᠠᠶᠢᠯᠭᠠᠬᠤ︾ ᠡᠵᠡᠩᠨᠡᠯᠲᠡ ᠶᠢᠨ ᠠᠷᠭ᠎ᠠ ᠮᠠᠶ᠋ᠢᠭ ᠢ ᠠᠪᠴᠤ᠂ | ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠡᠬᠢ ᠪᠠᠶᠠᠯᠢᠭ ᠢ ᠰᠢᠯᠢᠳᠡᠭᠵᠢᠭᠦᠯᠬᠦ | ᠵᠣᠷᠢᠯᠭ᠎ᠠ ᠶᠢ ᠪᠡᠶᠡᠯᠡᠬᠦᠯᠪᠡ ᠃ ᠣᠳᠣᠬᠠᠨ ᠳᠤ᠂ ᠲᠣᠰ ᠬᠤᠷᠰᠢᠶ᠎ᠠ ᠶᠢᠨ ᠭᠡᠰᠢᠭᠦᠨ 21 ᠬᠥᠮᠦᠨ ᠪᠠᠶᠢᠵᠥ᠂ | ᠲᠷᠠᠺᠲ᠋ᠣᠷ᠂ ᠳᠠᠷᠢᠬᠤ ᠮᠠᠰᠢᠨ᠂ ᠬᠠᠳᠤᠵᠤ ᠬᠤᠷᠢᠶᠠᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠪᠠᠭᠠᠵᠢ 27 ᠰᠠᠤᠷᠢ | ︵ᠢᠵᠢ︶᠂ ᠲᠠᠷᠢᠶᠠᠯᠠᠩ ᠤᠨ ᠮᠠᠰᠢᠨᠴᠢ 8 ᠬᠥᠮᠦᠨ᠂ ᠵᠢᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ | ᠴᠢᠳᠠᠪᠤᠷᠢ 5 ᠲᠦᠮᠡᠨ ᠮᠥ ᠳᠤ ᠬᠦᠷᠴᠦ᠂ ᠮᠥ ᠪᠦᠷᠢ ᠶᠢᠨ ᠳᠤᠮᠳᠠᠴᠢ ᠣᠷᠣᠯᠭ᠎ᠠ 210 ᠲᠥᠭᠦᠷᠢᠭ ᠠᠴᠠ ᠳᠡᠭᠡᠭᠰᠢ | ᠪᠠᠶᠢᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠵᠢᠯ ᠪᠦᠷᠢ 2 ᠲᠦᠮᠡ ᠭᠠᠷᠤᠶ ᠲᠥᠭᠦᠷᠢᠭ | ᠨᠡᠮᠡᠭᠳᠡᠭᠦᠯᠪᠡ᠃ | |