ᠨᠡᠶᠢᠲᠡᠯᠡᠭᠰᠡᠨ ᠴᠠᠭ᠄ 2024/11/27 | | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 26 ᠤ ᠴᠠᠭᠢᠯᠭᠠᠨ ᠮᠡᠳᠡᠭᠡ 11 ᠰᠠᠷ᠎ᠠ ᠶᠢᠨ 26 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ | ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ | ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ |  11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ | ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ | ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠨ ᠳᠣᠲᠣᠷ᠎ᠠ ᠰᠠᠮᠤᠶᠠ ᠪᠣᠯ ᠰᠢᠨ᠎ᠡ ᠳᠤᠮᠳᠠᠳᠤ | ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠪᠦᠯᠦᠭ ᠤᠯᠤᠰ ᠤᠨ ᠨᠢᠭᠡ ᠪᠣᠯᠣᠨ᠎ᠠ᠃ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 50 ᠰᠢᠬᠠᠮ ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠤᠯᠠᠮᠵᠢᠯᠠᠯᠲᠤ | ᠨᠥᠬᠦᠷᠯᠡᠯ ᠢᠶᠠᠨ ᠪᠠᠲᠤᠯᠠᠵᠤ᠂ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠬᠠᠮᠲᠤᠷᠠᠯᠴᠠᠵᠤ | ᠬᠠᠮᠲᠤ ᠪᠠᠷ ᠠᠰᠢᠭ ᠭᠥᠷᠳᠡᠭᠰᠡᠭᠡᠷ ᠢᠷᠡᠵᠠᠢ᠃ ᠳᠤᠮᠳᠠᠳᠤ ᠤᠯᠤᠰ ᠲᠣᠮᠣ ᠤᠯᠤᠰ ᠵᠢᠵᠢᠭ ᠤᠯᠤᠰ ᠭᠡᠰᠡᠨ ᠦᠭᠡᠢ ᠴᠥᠮ | ᠡᠷᠬᠡ ᠲᠡᠭᠰᠢ ᠪᠠᠶᠢᠬᠤ᠂ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠶᠢ ᠪᠡᠶᠡᠯᠡᠭᠦᠯᠬᠦ ᠡᠷᠬᠡ ᠲᠠᠢ | ᠭᠡᠳᠡᠭ ᠢ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠰᠠᠮᠤᠶᠠ ᠶᠢᠨ ᠬᠢᠨ ᠤ ᠲᠤᠰ | ᠤᠯᠤᠰ ᠤᠨ ᠢᠶᠠᠨ ᠡᠷᠬᠡ ᠮᠡᠳᠡᠯ ᠪᠣᠯᠣᠨ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠨ ᠰᠦᠪᠡᠭᠴᠢᠯᠡᠬᠦ ᠶᠢ ᠡᠷᠡᠰ ᠲᠡᠮᠵᠢᠵᠥ᠂ ᠳᠤᠷᠠᠲᠠᠶ᠎ᠠ ᠰᠠᠮᠤᠶᠠ ᠶᠢᠨ | ᠬᠢᠨ ᠲᠠᠢ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠬᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠪᠠ | ᠬᠥᠭᠵᠢᠯᠲᠡ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠰᠠᠮᠤᠶᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠷᠭᠦᠯᠵᠢᠯᠡᠨ ᠳᠡᠮᠵᠢᠯᠭᠡ ᠬᠠᠩᠭᠠᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠲᠠᠷᠢᠶᠠᠯᠠᠩ ᠵᠢᠭᠠᠰᠤᠨ ᠤ | ᠦᠢᠯᠡᠰ ᠵᠡᠷᠭᠡ ᠬᠦᠷᠢᠶᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ | ᠲᠣᠯᠢᠯᠠᠬᠤ ᠶᠢ ᠠᠬᠢᠭᠤᠯᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ | ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠠᠮᠤᠶᠠ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ︽ᠳᠥᠷᠪᠡ ᠶᠢ ᠭᠦᠢᠴᠡᠳ | ᠬᠦᠨᠳᠦᠳᠬᠡᠬᠦ︾ ᠵᠠᠷᠴᠢᠮ ᠢ ᠪᠠᠷᠢᠮᠲᠠᠯᠠᠵᠤ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ | ᠦᠵᠡᠭᠦᠯᠭᠦ ᠳᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ᠂ ᠠᠯᠪᠠᠳᠠᠯᠭ᠎ᠠ ᠪᠠᠷ ᠲᠤᠯᠭᠠᠬᠤ ᠦᠭᠡᠢ᠂ ︽ | ᠬᠤᠭᠤᠰᠤᠨ ᠠᠮᠠᠯᠠᠯᠲᠠ︾ ᠬᠢᠬᠦ ᠦᠭᠡᠢ᠃ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠲᠤ ᠠᠪᠬᠤ ᠳᠤᠮᠳᠠᠳᠤ | ᠤᠯᠤᠰ ᠤᠨ ᠲᠦᠷᠦ ᠶᠢᠨ ᠪᠣᠳᠣᠯᠭ᠎ᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠠᠮᠢᠨᠴᠢᠷ ᠰᠠᠨᠠᠭ᠎ᠠ ᠦᠭᠡᠢ᠂ ᠭᠤᠷᠪᠠᠳᠤᠭᠠᠷ | ᠡᠲᠡᠭᠡᠳ ᠲᠤ ᠴᠢᠭᠯᠡᠭᠦᠯᠬᠦ ᠦᠭᠡᠢ᠂ ᠭᠠᠵᠠᠷ ᠣᠷᠣᠨ ᠤ ᠪᠤᠯᠢᠶᠠᠯᠳᠤᠭᠠᠨ ᠪᠠ ᠡᠷᠬᠡᠰᠢᠶᠡᠯ ᠤᠨ ᠬᠦᠷᠢᠶ᠎ᠡ ᠬᠡᠪᠴᠢᠶ᠎ᠡ ᠭᠠᠷᠭᠠᠬᠤ | ᠦᠭᠡᠢ᠃ ᠳᠤᠮᠳᠠᠳᠤ ᠤᠯᠤᠰ ᠳᠤᠷᠠᠲᠠᠶ᠎ᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠢ ᠬᠠᠪᠰᠤᠷᠤᠨ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠶᠢ ᠤᠷᠢᠳ ᠢᠶᠠᠷ ᠬᠠᠮᠲᠤᠷᠠᠯᠴᠠᠬᠤ | ᠬᠦᠷᠢᠶ᠎ᠡ ᠪᠤᠯᠭᠠᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ | ᠪᠦᠳᠦᠭᠦᠪᠴᠢ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠢ ᠪᠦᠭᠦ ᠲᠠᠯ᠎ᠠ ᠪᠠᠷ ᠪᠦᠲᠦᠮᠵᠢᠲᠡᠢ | ᠬᠡᠷᠡᠭᠵᠢᠭᠦᠯᠬᠦ ᠶᠢ ᠠᠬᠢᠭᠤᠯᠵᠤ᠂ ᠬᠠᠮᠲᠤ ᠶᠢᠨ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ | ᠬᠠᠮᠠᠭᠠᠯᠠᠵᠤ᠂ ᠲᠥᠪ ᠭᠤᠣᠯᠴᠢ ᠰᠢᠳᠤᠷᠭᠤ ᠶᠣᠰᠣ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃ |  11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ | ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ | ᠯᠢ ᠰᠢᠶᠠᠩ ᠰᠡᠭᠦᠳᠡᠷᠯᠡᠪᠡ | ᠹᠢᠶᠠᠮᠸᠢ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠯᠤᠲᠤ ᠶᠡᠭᠡ | ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ | ᠥᠯᠢᠭᠡᠷ ᠳᠠᠭᠤᠷᠢᠶᠠᠯ ᠪᠣᠯᠪᠠ᠂ ᠰᠠᠮᠤᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠪᠣᠬᠢᠷᠳᠤᠯ | ᠦᠭᠡᠢ ᠬᠥᠭᠵᠢᠯᠲᠡ ᠵᠡᠷᠭᠡ ᠲᠥᠷᠥ ᠶᠢ ᠵᠠᠰᠠᠵᠤ ᠵᠠᠰᠠᠭ ᠢ ᠡᠷᠭᠢᠯᠡᠭᠦ ᠬᠤᠯᠪᠣᠭᠳᠠᠯ ᠪᠦᠬᠦᠢ ᠲᠤᠷᠰᠢᠯᠭ᠎ᠠ ᠶᠢ ᠰᠤᠷᠤᠯᠴᠠᠨ | ᠲᠣᠯᠢ ᠪᠣᠯᠭᠠᠨ᠎ᠠ᠃ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠰᠠᠮᠤᠶᠠ ᠳᠤ ᠡᠷᠬᠢᠮ ᠨᠠᠨᠳᠢᠨ | ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠰᠠᠮᠤᠶᠠ ᠶᠢᠨ ᠬᠢᠨ ᠳᠤᠮᠳᠠᠳᠤ ᠤᠯᠤᠰ ᠤᠨ ᠪᠤᠰᠤᠳ | ᠤᠯᠤᠰ ᠤᠨ ᠳᠣᠲᠣᠭᠠᠳᠤ ᠶᠠᠪᠤᠳᠠᠯ ᠳᠤ ᠭᠠᠷ ᠥᠯᠥ ᠲᠦᠷᠦᠭᠦ ᠵᠠᠷᠴᠢᠮ ᠢ ᠪᠠᠷᠢᠮᠲᠠᠯᠠᠵᠤ᠂ ᠨᠣᠮᠣᠬᠠᠨ ᠲᠡᠯᠡᠶ ᠶᠢᠨ ᠠᠷᠠᠯᠲᠤ | ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠡᠭᠡᠨ ᠶᠠᠮᠠᠷ ᠴᠤ ᠤᠯᠤᠰ ᠲᠥᠷᠥ ᠶᠢᠨ ᠨᠥᠬᠦᠴᠡᠯ ᠳᠠᠭᠠᠯᠳᠤᠭᠤᠯᠬᠤ ᠦᠭᠡᠢ | ᠂ ᠶᠡᠷᠦ ᠠᠴᠠ ᠬᠡᠯᠡᠭᠰᠡᠨ ᠦᠭᠡᠨ ᠳᠡᠭᠡᠨ ᠰᠠᠭᠤᠵᠤ᠂ ᠬᠡᠯᠡᠭᠰᠡᠨ ᠳᠡᠭᠡᠨ ᠭᠦᠷᠳᠡᠭ ᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ ᠪᠠᠶᠢᠨ᠎ᠠ᠃ ᠰᠠᠮᠤᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠳᠡᠮᠵᠢᠨ᠎ᠠ᠃ ᠰᠠᠮᠤᠶᠠ ᠶᠢᠨ ᠬᠢᠨ ᠳᠤᠮᠳᠠᠳᠤ ᠤᠯᠤᠰ ᠢ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠢᠶᠠᠨ ᠪᠤᠯᠭᠠᠵᠤ᠂ | ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ | ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠤᠯᠠᠮ ᠨᠢᠭᠡ ᠠᠯᠬᠤᠮ ᠬᠥᠭᠵᠢᠬᠦ ᠶᠢ | ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠠᠭᠤᠯᠵᠠᠯᠲᠠ ᠶᠢᠨ ᠳᠠᠷᠠᠭ᠎ᠠ᠂ ᠬᠤᠶᠠᠷ ᠲᠠᠯ᠎ᠠ ᠪᠠᠷ ᠢᠶᠠᠨ | ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠮᠤᠶᠠ ᠲᠤᠰᠠᠭᠠᠷ ᠲᠣᠭᠲᠠᠨᠢᠭᠰᠠᠨ ᠤᠯᠤᠰ | ᠤᠨ ᠬᠠᠮᠲᠤᠷᠠᠭᠰᠠᠨ ᠢᠯᠡᠷᠬᠡᠶᠢᠯᠡᠯᠲᠡ︾ ᠨᠡᠶᠢᠲᠡᠯᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | |