ᠵᠢᠷᠤᠭ ᠦᠵᠡᠵᠦ ᠰᠣᠷᠣᠯᠴᠠᠶ᠎ᠠ · ᠣᠯᠠᠭᠤᠯᠠ ᠪᠠᠨ ᠠᠶᠠᠯᠠᠪᠠᠰᠤ ᠠᠯᠤᠰ ᠲᠤ ᠬᠥᠷᠥᠮᠦᠢ | APEC ᠠᠴᠠ G20 ᠬᠦᠷᠲᠡᠯ᠎ᠡ  ᠲᠡᠷᠢᠭᠦᠯᠡᠭᠴᠢ ᠰᠢ ᠶᠢᠨ  ᠫᠢᠩ  ᠭᠤᠶᠢᠲᠠ ᠵᠦᠢᠷᠯᠡᠯ ᠢᠶᠠᠷ ᠨᠡᠭᠡᠭᠡᠯᠲᠡ ᠬᠢᠵᠦ ᠬᠠᠮᠲᠤᠷᠠᠯᠴᠠᠬᠤ ᠶᠢ ᠬᠥᠲᠥᠯᠥᠨ ᠳᠠᠭᠠᠭᠤᠯᠪᠠ
ᠨᠡᠶᠢᠲᠡᠯᠡᠭᠰᠡᠨ ᠴᠠᠭ᠄
2024/11/29
                             ᠨᠡᠶᠢᠲᠡᠯᠡᠭᠰᠡᠨ ᠴᠠᠭ᠄  2024/11/27       11 ᠳ᠋ᠦ᠋ᠭᠡᠷ ᠰᠠᠷ᠎ᠠ ᠶᠢᠨ 13 ᠠᠴᠠ 21 ᠤ ᠡᠳᠦᠷ ᠪᠣᠯᠲᠠᠯ᠎ᠠ᠂ ᠫᠧᠷᠦ᠋ ᠶᠢᠨ ᠶᠡᠷᠦᠩᠬᠡᠶᠢᠯᠡᠭᠴᠢ ᠪᠦᠷᠤ᠋ ᠊ ᠠᠷᠲ᠋ᠧ᠂ ᠪᠷᠠᠽᠢᠯ ᠤᠨ ᠶᠡᠷᠦᠩᠬᠡᠶᠢᠯᠡᠭᠴᠢ ᠯᠦᠯᠠ ᠶᠢᠨ  ᠤᠷᠢᠯᠭ᠎ᠠ ᠪᠠᠷ ᠤᠯᠤᠰ ᠤᠨ ᠲᠡᠷᠢᠭᠦᠯᠡᠭᠴᠢ ᠰᠢ ᠶᠢᠨ ᠫᠢᠩ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ  ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ᠂ ᠷᠢᠦ᠋ ᠳ᠋ᠢ  ᠿᠧᠨᠧᠶᠢᠷᠦ᠋ ᠳᠤ ᠬᠦᠷᠴᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ  ᠣᠷᠣᠯᠴᠠᠭᠰᠠᠨ ᠪᠥᠭᠡᠳ ᠫᠧᠷᠦ᠋᠂ ᠪᠷᠠᠽᠢᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠡᠢ᠃        APEC ᠤᠨ ᠬᠤᠷᠠᠯ ᠠᠴᠠ G20 ᠶᠢᠨ ᠲᠦᠷᠦᠭᠦᠴᠦᠳ ᠤᠨ ᠬᠤᠷᠠᠯ ᠬᠦᠷᠲᠡᠯ᠎ᠡ᠂ ᠲᠡᠷᠢᠭᠦᠯᠡᠭᠴᠢ ᠰᠢ ᠶᠢᠨ ᠫᠢᠩ ᠣᠯᠠᠨᠲᠠ ᠴᠢᠬᠤᠯᠠ ᠶᠠᠷᠢᠶ᠎ᠠ ᠲᠠᠯᠪᠢᠵᠤ᠂  ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠴᠢᠨᠠᠷ᠂ ᠨᠡᠭᠡᠭᠡᠯᠲᠡᠲᠦ ᠬᠠᠮᠲᠤᠷᠠᠯᠴᠠᠭ᠎ᠠ ᠶᠢᠨ ᠵᠠᠶᠢᠯᠠᠰᠢ ᠦᠭᠡᠢ ᠴᠢᠨᠠᠷ ᠢ ᠠᠮᠢᠳᠤᠯᠢᠭ ᠢᠶᠠᠷ ᠵᠦᠢᠷᠯᠡᠵᠦ᠂ ᠡᠯ᠎ᠡ ᠤᠯᠤᠰ ᠤᠨ ᠣᠷᠣᠨ ᠪᠦᠰᠡ ᠶᠢᠨ ᠠᠵᠤ ᠠᠬᠤᠢ᠂ ᠤᠯᠠᠨ ᠲᠠᠯᠠᠲᠤ ᠠᠷᠠᠯᠵᠢᠶ᠎ᠠ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠵᠢᠴᠢ ᠢᠯᠵᠠᠷᠠᠯ ᠢ  ᠡᠰᠡᠷᠭᠦᠴᠡᠬᠦ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠵᠤ᠂ ᠨᠡᠩ ᠤᠯᠠᠨ  ᠠᠵᠤ ᠠᠬᠤᠢ ᠶᠢᠨ ᠴᠣᠭᠴᠠ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ    ᠪᠦᠲᠦᠭᠡᠯ   ᠢᠶᠠᠨ ᠡᠳ᠋ᠯᠡᠭᠦᠯᠬᠦ ᠶᠢ ᠵᠥᠪ ᠪᠤᠷᠤᠭᠤ ᠬᠤᠶᠠᠷ ᠲᠠᠯ᠎ᠠ ᠪᠠᠷ  ᠠᠮᠢᠳᠤᠯᠢᠭ ᠵᠦᠢᠷᠯᠡᠪᠡ ᠃ ᠬᠠᠮᠲᠤ ᠪᠠᠷ ᠰᠤᠷᠤᠯᠴᠠᠶ᠎ᠠ 
看图学习    3.png 看图学习 4.png
看图学习  5.png
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号