ᠬᠠᠤᠯᠢ ᠲᠦᠭᠡᠮᠡᠯᠵᠢᠬᠦᠯᠬᠦ ᠤᠬᠠᠭᠤᠯᠭ᠎ᠠ ᠶᠢ ᠴᠢᠩᠭᠠᠳᠬᠠᠪᠠ᠂ ᠰᠢᠨ᠎ᠡ ᠪᠠᠷ ᠠᠵᠢᠯ ᠡᠬᠢᠯᠡᠬᠦᠯᠦᠭᠰᠡᠨ ᠠᠵᠥ | ᠠᠬᠤᠶᠢᠯᠠᠯ ᠳᠤ ᠬᠦᠨᠵᠡᠭᠡᠶᠢᠷᠡᠨ ᠬᠦᠳᠡᠯᠮᠦᠷᠢ ᠶᠢᠨ ᠪᠠᠳᠤᠯᠠᠭ᠎ᠠ ᠶᠢᠨ ᠬᠠᠤᠯᠢ ᠲᠦᠷᠢᠮ ᠵᠢᠴᠢ ᠲᠦᠷᠦ ᠶᠢᠨ ᠪᠤᠳᠤᠯᠭ᠎ᠠ | ᠶᠢ ᠤᠬᠠᠭᠤᠯᠵᠥ᠂ 80 ᠭᠠᠷᠤᠢ ᠬᠤᠪᠢ ᠤᠬᠭᠠᠤᠯᠭ᠎ᠠ ᠶᠢᠨ ᠬᠠᠭᠤᠳᠠᠰᠦ ᠲᠠᠷᠬᠠᠭᠠᠨ᠂ ᠲᠤᠬᠠᠢ ᠶᠢᠨ ᠲᠠᠯᠠᠪᠠᠢ | ᠳᠤ 30 ᠭᠠᠷᠤᠢ ᠬᠦᠮᠦᠨ ᠤᠳᠠᠭ᠎ᠠ ᠶᠢᠨ ᠠᠰᠠᠭᠤᠨ ᠯᠠᠪᠯᠯᠠᠳᠠ ᠶᠢ ᠬᠠᠷᠢᠭᠤᠯᠵᠥ᠂ ᠬᠦᠮᠦᠨ ᠭᠡᠷᠡᠭᠯᠡᠬᠦ ᠠᠵᠢᠯ ᠤᠨ | ᠵᠢᠯᠤᠭᠤᠳᠤᠯᠭ᠎ᠠ ᠶᠢ ᠴᠢᠩᠭᠠᠳᠬᠠᠪᠠ᠃ ᠡᠳᠦᠷ ᠲᠤᠳᠤᠮ ᠤᠨ ᠲᠤᠭᠤᠷᠢᠨ ᠪᠠᠶᠢᠴᠭᠠᠯᠳᠠ ᠪᠠᠷ ᠲᠡᠮᠵᠢᠨ ᠰᠢᠨ᠎ᠡ | ᠠᠵᠢᠯ ᠲᠦᠷᠦᠯ ᠤᠨ ᠠᠵᠥ ᠠᠬᠤᠶᠢᠯᠠᠯ ᠤᠨ ᠬᠦᠮᠦᠨ ᠭᠡᠷᠡᠭᠯᠡᠬᠦ ᠵᠠᠬᠪᠤᠷᠢ ᠪᠠ ᠤᠨᠴᠠᠯᠢᠭ ᠢ ᠤᠶᠢᠯᠠᠭᠠᠬᠤ ᠪᠠᠷ | ᠲᠡᠮᠵᠢᠨ ᠪᠦᠬᠦ ᠬᠤᠰᠢᠭᠤᠨ ᠤ ᠬᠡᠪᠴᠢᠶᠡᠨ ᠳᠠᠬᠢ ᠰᠢᠨ᠎ᠡ ᠠᠵᠢᠯ ᠲᠦᠷᠦᠯ ᠤᠨ ᠠᠵᠥ ᠠᠬᠤᠶᠢᠯᠠᠯ ᠳᠤ ᠬᠠᠭᠤᠳᠠᠰᠦ | ᠵᠠᠬᠢᠳᠠᠯ ᠢᠯᠡᠭᠡᠵᠥ᠂ ᠲᠡᠪᠴᠠᠩ ᠤᠨ ᠠᠵᠥ ᠠᠬᠤᠶᠢᠯᠠᠯ ᠤᠨ ᠲᠦᠷᠦ ᠶᠢᠨ ᠪᠤᠳᠤᠯᠭ᠎ᠠ ᠶᠢ ᠤᠨᠤᠪᠴᠢᠳᠠᠢ ᠤᠶᠢᠯᠠᠭᠠᠬᠤ | ᠪᠠ ᠬᠠᠤᠯᠢ ᠲᠦᠷᠢᠮ ᠳᠤ ᠨᠡᠶᠢᠴᠡᠬᠦᠯᠦᠨ ᠬᠦᠮᠦᠨ ᠭᠡᠷᠡᠭᠯᠡᠬᠦ ᠶᠢ ᠬᠠᠪᠰᠤᠷᠴᠦ ᠵᠢᠯᠤᠭᠤᠳᠤᠨ᠂ ᠬᠦᠳᠡᠯᠮᠦᠷᠢ ᠶᠢᠨ | ᠬᠠᠷᠢᠴᠠᠭᠠᠨ ᠤ ᠡᠶ᠎ᠡ ᠵᠤᠬᠢᠴᠠᠯ ᠲᠤᠬᠳᠠᠭᠤᠨ ᠢ ᠠᠬᠢᠭᠤᠯᠪᠠ᠃ | ᠬᠠᠤᠯᠢ ᠭᠡᠷᠡᠭᠵᠢᠬᠦᠯᠵᠥ ᠪᠠᠶᠢᠴᠭᠠᠯᠳᠠ ᠶᠢ ᠴᠢᠩᠭᠠᠳᠬᠠᠪᠠ᠃ ᠬᠢᠨᠠᠯᠳᠠ ᠬᠠᠮᠢᠶᠠᠷᠤᠯᠳᠠ ᠶᠢᠨ ᠲᠠᠪᠴᠠᠩ ᠳᠤ | ᠲᠦᠰᠢᠭᠯᠡᠵᠥ᠂ ︽ᠬᠤᠤᠰ ᠲᠠᠰᠢᠷᠠᠮ ᠂ ᠨᠢᠭᠡ ᠶᠢ ᠢᠯᠡ ᠪᠤᠯᠭᠠᠬᠤ︾ ᠬᠡᠯᠪᠡᠷᠢ ᠪᠠᠷ ᠬᠠᠷᠢᠶ᠎ᠠ ᠤᠷᠤᠨ ᠤ | ᠲᠤᠳᠤᠷᠠᠬᠢ ᠰᠢᠨ᠎ᠡ ᠠᠵᠢᠯ ᠲᠦᠷᠦᠯ ᠤᠨ ᠠᠵᠥ ᠠᠬᠤᠶᠢᠯᠠᠯ ᠢ ᠠᠬᠤᠢ ᠲᠠᠯᠠᠪᠠᠢ ᠪᠠᠷ ᠪᠤᠳᠠᠳᠠᠢ ᠪᠠᠶᠢᠴᠭᠠᠨ᠂ | ᠢᠯᠡᠷᠡᠬᠦᠯᠦᠭᠰᠡᠨ ᠠᠰᠠᠭᠤᠳᠠᠯ ᠢ ᠬᠤᠭᠤᠴᠠᠭ᠎ᠠ ᠲᠤᠬᠳᠠᠭᠠᠨ ᠦᠬᠡᠷᠡᠴᠢᠯᠡᠬᠦ ᠶᠢ ᠵᠠᠷᠯᠢᠬᠳᠠᠬᠤ ᠶᠢᠨ ᠬᠠᠮᠳᠤ | ᠪᠠᠶᠢᠴᠭᠠᠯᠳᠠ ᠶᠢᠨ ᠦᠷ᠎ᠡ ᠳ᠋ᠦᠩ ᠢ ᠤᠯᠤᠰ ᠤᠨ ᠠᠵᠥ ᠠᠬᠤᠶᠢᠯᠠᠯ ᠤᠨ ᠢᠳᠡᠭᠡᠮᠵᠢᠳᠦ ᠰᠤᠷᠠᠭ ᠵᠠᠩᠬᠢ ᠶᠢᠨ | ᠵᠠᠷ ᠮᠡᠳᠡᠭᠡᠨ ᠤ ᠰᠢᠰᠲ᠋ᠧᠮ ᠳᠤ ᠵᠢᠬᠰᠠᠭᠠᠨᠤᠷᠤᠭᠤᠯᠵᠥ ᠵᠠᠷᠯᠠᠪᠠ᠃ | |