11 ᠰᠠᠷ᠎ᠠ ᠶᠢᠨ 4 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠲᠢᠶᠠᠨ ᠴᠧᠨ ᠭᠤᠸᠠᠩ ᠤᠷᠢᠳ ᠬᠤᠵᠢᠳ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠬᠡᠰᠡᠭ ᠰᠤᠮᠤ ᠪᠠᠯᠭᠠᠰᠤ᠂ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠵᠢᠴᠢ | ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠶ ᠵᠣᠯᠭᠠᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠠᠵᠤ ᠦᠢᠯᠡᠰ ᠤᠨ ᠬᠥᠭᠵᠢᠯᠲᠡ | ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠬᠤᠰᠢᠭᠤᠨ ᠤ ᠤᠳᠤᠷᠢᠳᠤᠯᠭ᠎ᠠ ᠯᠢᠦ ᠸᠧᠨ ᠰᠢ᠂ ᠰᠢᠶᠠᠩ ᠭᠦᠸᠧ ᠸᠧᠶ ᠣᠷᠣᠯᠴᠠᠵᠠᠶ᠃ | | ᠨᠤᠭᠤᠰᠤᠳᠠᠢ ᠪᠠᠯᠭᠠᠰᠤᠨ ᠤ ᠶᠠᠳᠠᠭᠤ ᠠᠴᠠ ᠠᠩᠭᠢᠵᠢᠷᠠᠬᠤ ᠶᠢ ᠬᠢᠨᠠᠨ ᠬᠡᠮᠵᠢᠬᠦ ᠡᠷᠦᠬᠡ ᠳᠤ᠂ ᠲᠢᠶᠠᠨ ᠴᠧᠨ | ᠭᠤᠸᠠᠩ ᠲᠡᠳᠡᠨ ᠤ ᠦᠢᠯᠡᠳᠪᠦᠷᠢᠯᠡᠯ ᠠᠮᠢᠳᠤᠷᠠᠯ ᠪᠣᠯᠤᠨ ᠭᠡᠷ ᠪᠦᠯᠢ ᠶᠢᠨ ᠣᠷᠣᠯᠭ᠎ᠠ ᠶᠢᠨ ᠪᠠᠶᠢᠳᠠᠯ ᠢ ᠨᠠᠷᠢᠨ | ᠠᠰᠠᠭᠤᠪᠠ᠃ ᠲᠡᠷᠡ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠬᠢᠨ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠵᠦᠢᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠨᠡᠶᠢᠭᠡᠮ ᠠᠷᠠᠳ ᠤᠨ | ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠢᠯᠡᠳᠪᠦᠷᠢᠯᠡᠯ | ᠠᠮᠢᠳᠤᠷᠠᠯ᠂ ᠬᠥᠳᠡᠯᠮᠦᠷᠢ ᠠᠵᠢᠯ ᠣᠯᠭᠤᠯᠲᠠ ᠵᠡᠷᠭᠡ ᠲᠠᠯ᠎ᠠ ᠶᠢᠨ ᠬᠦᠴᠢᠷᠳᠡᠯ ᠢ ᠴᠠᠭ ᠲᠤᠬᠠᠶ ᠳᠤᠨᠢ ᠬᠠᠪᠰᠤᠷᠤᠨ | ᠰᠢᠢᠳᠪᠦᠷᠢᠯᠡᠵᠦ᠂ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ | ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠲᠢᠶᠠᠨ ᠴᠧᠨ ᠭᠤᠸᠠᠩ ᠰᠠᠯᠠᠭ᠎ᠠ ᠮᠥᠴᠢᠷ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠪᠠᠶᠢᠴᠠᠭᠠᠨ | ᠰᠤᠳᠤᠯᠤᠯᠲᠠ ᠬᠢᠬᠦ ᠳᠡᠭᠡᠨ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠲᠦᠷᠢᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠭᠦᠨᠵᠡᠭᠡᠢ | ᠠᠬᠢᠭᠤᠯᠵᠤ᠂ ᠴᠢᠨᠠᠷ ᠰᠠᠶᠢᠲᠠᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯᠤᠨ ᠥᠨᠳᠥᠷ ᠪᠦᠲᠦᠮᠵᠢᠲᠡᠢ | ᠵᠠᠰᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠲᠤᠰ ᠪᠡᠶ᠎ᠡ ᠶᠢᠨ ᠡᠬᠢ ᠪᠠᠶᠠᠯᠢᠭ ᠤᠨ | ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠ ᠬᠥᠭᠵᠢᠯᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠭᠠᠵᠠᠷ ᠣᠷᠣᠨ ᠤ ᠣᠨᠴᠠᠯᠢᠭ ᠲᠠᠢ ᠠᠵᠤ | ᠦᠢᠯᠡᠰ ᠤᠨ ᠰᠢᠰᠲ᠋ᠧᠮ ᠢ ᠲᠦᠷᠭᠡᠨ ᠪᠦᠷᠢᠯᠳᠦᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | |