ᠬᠤᠷᠴᠢᠨ ᠵᠡᠭᠦᠨ ᠭᠠᠷᠤᠨ  ᠬᠤᠶᠢᠳᠤ ᠬᠤᠰᠢᠭᠤᠨ  ᠤ ᠢᠷᠡᠯᠲᠡ ᠶᠢᠨ ᠲᠤᠬᠠᠢ ᠴᠢ ᠬᠡᠳᠦᠢ ᠮᠡᠳᠡᠬᠦ ᠪᠣᠢ︖
ᠨᠡᠶᠢᠲᠡᠯᠡᠭᠰᠡᠨ ᠴᠠᠭ᠄
2024/11/5
后旗来历5.jpg    ᠬᠤᠷᠴᠢᠨ  ᠭᠡᠳᠡᠭ ᠨᠢ ᠮᠤᠩᠭᠤᠯ ᠠᠶᠢᠮᠠᠬᠳᠠᠨ ᠪᠦᠯᠦᠭᠯᠡᠯ ᠤᠨ  ᠨᠡᠷ᠎ᠡ᠂  ᠤᠳᠬ᠎ᠠ ᠨᠢ ᠨᠣᠮᠣ  ᠰᠤᠮᠤ ᠲᠠᠢ
ᠬᠠᠮᠠᠭᠠᠯᠠᠬᠴᠢ  ᠭᠡᠰᠡᠨ ᠰᠠᠨᠠᠭ᠎ᠠ᠃  ᠴᠢᠩ ᠤᠯᠤᠰ ᠤᠨ ᠡᠷᠲᠡ ᠦᠶ᠎ᠡ  ᠳᠤ ᠴᠡᠷᠢᠭ ᠤᠷᠤᠭᠰᠢᠯᠠᠬᠤ ᠴᠢᠭᠯᠡᠯ ᠢᠶᠠᠷ ᠮᠣᠩᠭᠤᠯ ᠤᠯᠤᠰ ᠢ ᠵᠡᠭᠦᠨ ᠪᠠᠷᠠᠭᠤᠨ ᠵᠢᠭᠦᠷ ᠤᠨ ᠴᠡᠷᠢᠭ ᠭᠡᠵᠦ ᠬᠤᠪᠢᠶᠠᠵᠠᠢ᠃ 1650 ᠣᠨ ᠳᠤ ᠬᠤᠰᠢᠭᠤ ᠪᠠᠶᠢᠭᠤᠯᠤᠭᠰᠠᠨ ᠤ ᠳᠠᠷᠠᠭ᠎ᠠ᠂ ᠬᠤᠷᠴᠢᠨ ᠠᠶᠢᠮᠠᠭ ᠤᠨ ᠲᠥᠪ  ᠤᠨ ᠵᠡᠭᠦᠨ ᠬᠤᠶᠢᠲᠤ ᠲᠠᠯ᠎ᠠ ᠪᠣᠯᠬᠤᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠭᠡᠵᠦ ᠨᠡᠷᠡᠶᠢᠳᠪᠡ᠃
后旗来历1.jpg    ᠳᠤᠮᠳᠠᠳᠤ ᠢᠷᠭᠡᠨ ᠤᠯᠤᠰ ᠤᠨ ᠦᠶ᠎ᠡ ᠳᠤ ᠹᠧᠩᠲ᠋ᠢᠶᠠᠨ ᠮᠤᠵᠢ ᠳᠤ ᠬᠠᠷᠢᠶᠠᠯᠠᠭᠳᠠᠵᠤ᠂ ᠵᠢᠷᠢᠮ ᠠᠶᠢᠮᠠᠭ ᠤᠨ
ᠠᠶᠢᠮᠠᠭ ᠤᠨ ᠲᠠᠷᠤᠭ᠎ᠠ ᠶᠢᠨ  ᠬᠢᠨᠠᠯᠳᠠ ᠶᠢ ᠬᠦᠯᠢᠶᠡᠵᠥ᠂  ᠣᠷᠣᠨ ᠨᠤᠲᠤᠭ ᠤᠨ ᠴᠡᠷᠢᠭ ᠤᠨ ᠶᠠᠪᠤᠳᠠᠯ  ᠢ ᠲᠤᠤ ᠯᠢᠶᠤᠤ ᠶᠢᠨ ᠰᠠᠬᠢᠬᠴᠢ ᠲᠦᠰᠢᠮᠡᠯ  ᠲᠤᠬᠢᠷᠠᠭᠤᠯᠵᠥ᠂ ᠰᠠᠭᠤᠭ᠎ᠠ ᠭᠠᠵᠠᠷ ᠨᠢ ᠪᠦᠸᠧ ᠸᠠᠩ ᠤᠨ ᠣᠷᠳᠣᠨ ︵ᠤᠳᠤ ᠶᠢᠨ ᠵᠢᠷᠭᠠᠯᠠᠩ ᠪᠠᠯᠭᠠᠰᠤ︶ ᠪᠠᠶᠢᠵᠠᠢ᠃ 1931 ᠤᠨ ᠳᠤ ︵ᠳᠤᠮᠳᠠᠳᠤ ᠢᠷᠭᠡᠨ ᠤᠯᠤᠰ ᠤᠨ ᠬᠤᠷᠢᠳᠤᠭᠠᠷ ᠣᠨ︶  ︽ᠶᠢᠰᠦᠨ ᠰᠠᠷ᠎ᠠ ᠶᠢᠨ ᠠᠷᠪᠠᠨ ᠨᠠᠢᠮᠠᠨ︾ ᠤ ᠬᠡᠷᠡᠭ ᠬᠤᠪᠢᠰᠤᠯ ᠤᠨ ᠳᠠᠷᠠᠭ᠎ᠠ᠂ ᠳᠠᠷᠠᠭ᠎ᠠ ᠵᠢᠯ ᠨᠢ ᠬᠠᠭᠤᠷᠮᠠᠭ ᠮᠠᠨᠵᠤ ᠤᠯᠤᠰ ᠢ ᠪᠠᠶᠢᠭᠤᠯᠵᠤ᠂ ᠵᠡᠭᠦᠨ ᠰᠠᠯᠠᠭᠠᠨ ᠤ ᠬᠤᠶᠢᠲᠤ ᠬᠤᠰᠢᠭᠤᠨ ᠤ ᠵᠠᠬᠢᠷᠭ᠎ᠠ ᠶᠢ ᠪᠠᠶᠢᠭᠤᠯᠤᠨ ᠂ ᠬᠢᠩᠭᠠᠨ ᠤ  ᠡᠮᠦᠨ᠎ᠡ ᠬᠤᠪᠢᠶᠠᠷᠢ ᠮᠤᠵᠢ ᠶᠢᠨ ᠾᠧ ᠰᠢᠩ ᠠᠨ ᠶᠠᠷᠦᠩᠬᠡᠢ ᠵᠠᠬᠢᠷᠭ᠎ᠠ ᠳᠤ ᠬᠠᠷᠢᠶᠠᠯᠠᠭᠤᠯᠪᠠ᠃
 后旗来历2.jpg   
    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠭᠤᠴᠠᠭ᠎ᠠ ᠳᠤ᠄  1945 ᠣᠨ ᠤ ︽ᠨᠠᠢᠮᠠᠨ ᠰᠠᠷ᠎ᠠ ᠶᠢᠨ ᠠᠷᠪᠠᠨ ᠲᠠᠪᠤᠨ︾   ᠤ ᠢᠯᠠᠯᠳᠠ ᠶᠢᠨ ᠳᠠᠷᠠᠭ᠎ᠠ ᠬᠤᠰᠢᠭᠤᠨ ᠤ ᠡᠯ᠎ᠡ ᠡᠲᠡᠭᠡᠳ ᠤᠨ ᠬᠥᠮᠦᠰ ᠵᠡᠭᠦᠨ ᠬᠤᠷᠴᠢᠨ ᠬᠤᠰᠢᠭᠤᠨ ᠤ ᠣᠷᠣᠨ ᠨᠤᠲᠤᠭ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠠᠷ ᠬᠠᠮᠲᠤᠪᠠᠷ ᠵᠥᠪᠳᠡᠯᠴᠡᠵᠦ᠂ ᠳᠠᠷᠠᠭ᠎ᠠ ᠵᠢᠯ ᠤᠨ ᠬᠢᠨᠢ 3 ᠰᠠᠷ᠎ᠠ ᠳᠤ ᠠᠷᠠᠳᠴᠢᠯᠠᠭᠰᠠᠨ ᠵᠠᠰᠠᠭ ᠤᠨ ᠣᠷᠳᠣᠨ  ᠭᠡᠵᠥ ᠥᠭᠡᠷᠡᠴᠢᠯᠡᠵᠦ᠂ ᠬᠤᠷᠴᠢᠨ ᠵᠡᠭᠦᠨ ᠭᠠᠷᠤᠨ ᠭᠤᠷᠪᠠᠨ ᠬᠤᠰᠢᠭᠤᠨ ᠤ ᠬᠤᠯᠪᠣᠭᠠᠲᠤ ᠬᠡᠷᠡᠭ ᠡᠷᠬᠢᠯᠡᠬᠦ ᠭᠠᠵᠠᠷ᠂ ᠬᠢᠩᠭᠠᠨ ᠤ ᠡᠮᠦᠨ᠎ᠡ  ᠭᠡᠰᠡᠭ  ᠤᠨ ᠵᠠᠬᠢᠷᠭ᠎ᠠ ᠪᠠ ᠵᠢᠷᠢᠮ ᠮᠤᠵᠢ ᠶᠢᠨ ᠵᠠᠰᠠᠭ ᠤᠨ ᠣᠷᠳᠣᠨ ᠳᠤ ᠬᠠᠷᠢᠶᠠᠯᠠᠭᠤᠯᠪᠠ᠃ 1946 ᠣᠨ ᠤ 9 ᠰᠠᠷ᠎ᠠ ᠳᠤ᠂ ᠭᠤᠮᠢᠨᠳᠠᠩ᠂ ᠵᠢᠷᠭᠠᠯᠠᠩ ᠳᠤ ᠭᠤᠮᠢᠨᠳᠠᠩ ᠤᠨ ᠵᠡᠬᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠢ ᠪᠠᠶᠢᠭᠤᠯᠵᠤ᠂  ᠯᠢᠶᠤᠤᠪᠸᠢ ᠮᠤᠵᠢ ᠳᠤ ᠬᠠᠷᠢᠶᠠᠯᠠᠭᠳᠠᠪᠠ᠃ 1947 ᠣᠨ ᠤ 6 ᠰᠠᠷ᠎ᠠ ᠳᠤ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳᠴᠢᠯᠠᠭᠰᠠᠨ ᠵᠠᠰᠠᠭ ᠤᠨ ᠣᠷᠳᠣᠨ ᠢ ᠰᠡᠷᠭᠦᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠵᠤ᠂ 7 ᠰᠠᠷ᠎ᠠ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ  ᠶᠢ ᠰᠡᠷᠬᠦᠭᠡᠪᠡ
后期来历3.jpg   1953 ᠤᠨ ᠤ 6 ᠰᠠᠷ᠎ᠠ ᠳᠤ ᠵᠢᠷᠢᠮ ᠠᠶᠢᠮᠠᠭ ᠢ ᠬᠠᠰᠤᠵᠤ᠂ ᠦᠪᠡᠷᠲᠡᠭᠡᠨ ᠵᠠᠰᠠᠬᠤ ᠤᠷᠤᠨ ᠤ ᠵᠡᠭᠦᠨ ᠭᠡᠰᠡᠭ
 ᠤᠨ ᠤᠷᠤᠨ ᠤ ᠵᠠᠬᠢᠷᠭ᠎ᠠ ᠳᠤ ᠬᠠᠷᠢᠶᠠᠯᠠᠭᠤᠯᠪᠠ᠃ 1954 ᠣᠨ ᠤ 4 ᠰᠠᠷ᠎ᠠ ᠳᠤ ᠵᠡᠭᠦᠨ ᠬᠡᠰᠡᠭ ᠤᠨ ᠣᠷᠣᠨ ᠤ ᠵᠠᠬᠢᠷᠭ᠎ᠠ ᠶᠢ ᠬᠠᠰᠤᠵᠤ᠂ ᠰᠢᠨ᠎ᠡ ᠪᠠᠷ ᠰᠡᠷᠭᠦᠭᠡᠭᠰᠡᠨ ᠵᠢᠷᠢᠮ  ᠠᠶᠢᠮᠠᠭ ᠲᠤ ᠳᠠᠬᠢᠨ ᠬᠠᠷᠢᠶᠠᠯᠠᠭᠤᠯᠪᠠ᠃ 1969 ᠣᠨ ᠳᠤ ᠵᠢᠷᠢᠮ ᠠᠶᠢᠮᠠᠭ ᠲᠠᠢ ᠬᠢᠷᠢᠨ ᠮᠤᠵᠢ ᠳᠤ ᠬᠠᠷᠢᠶᠠᠯᠠᠭᠤᠯᠪᠠ᠃ 1979 ᠣᠨ ᠳᠤ ᠳᠠᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠪᠠ᠃ 1999 ᠣᠨ ᠤ 1 ᠰᠠᠷ᠎ᠠ ᠳᠤ ᠵᠢᠷᠢᠮ ᠠᠶᠢᠮᠠᠭ ᠢ ᠬᠠᠰᠤᠵᠤ ᠬᠤᠲᠠ ᠪᠣᠯᠭᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠲᠦᠩᠯᠢᠶᠣᠤ ᠬᠤᠲᠠ ᠳᠤ ᠬᠠᠷᠢᠶᠠᠯᠠᠭᠤᠯᠪᠠ᠃   
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号