ᠴᠠᠬᠢᠯᠭᠠᠨ ᠬᠦᠳᠡᠯᠬᠡᠬᠦᠷᠳᠣ ᠳᠤᠭᠤᠢ ᠲᠡᠷᠭᠡ ᠤᠨᠤᠬᠤ ᠳᠤ ᠠᠩᠬᠠᠷᠬᠤ ᠴᠢᠬᠤᠯᠠ ᠲᠠᠢ ᠵᠦᠢᠯ
ᠨᠡᠶᠢᠲᠡᠯᠡᠭᠰᠡᠨ ᠴᠠᠭ᠄
2024/11/5
    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠨᠧᠷᠭᠢ ᠠᠷᠪᠢᠯᠠᠬᠤ ᠮᠦᠷᠳᠡᠭᠡᠨ ᠤᠨᠤᠵᠤ ᠶᠠᠪᠤᠬᠤ ᠳᠤ ᠳᠥᠭᠦᠮ ᠪᠤᠯᠬᠤᠷ ᠴᠥᠭᠡᠨ ᠪᠤᠰᠤ ᠬᠤᠲᠠ ᠶᠢᠨ ᠠᠷᠠᠳ ᠣᠶᠢᠷ᠎ᠠ ᠵᠠᠮ ᠶᠠᠪᠤᠵᠤ ᠰᠠᠭᠤᠬᠤ ᠳᠠᠭᠠᠨ ᠴᠠᠬᠢᠯᠭᠠᠨ ᠬᠦᠳᠡᠯᠬᠡᠬᠦᠷᠳᠣ ᠳᠤᠭᠤᠢ ᠤᠨᠤᠬᠤ ᠪᠤᠯᠪᠠ᠃ ᠡᠨᠡ ᠨᠢ ᠬᠡᠳᠦᠶᠢᠪᠡᠷ ᠬᠥᠮᠦᠰ ᠤᠨ ᠵᠠᠮ ᠬᠠᠷᠢᠯᠴᠠᠭ᠎ᠠ ᠳᠤ ᠳᠥᠭᠦᠮ ᠦᠵᠡᠭᠦᠯᠬᠦ ᠪᠤᠯᠪᠠᠴᠤ ᠪᠠᠰᠠ ᠬᠡᠰᠡᠭ ᠵᠢᠯᠣᠭᠤᠴᠢ ᠬᠠᠤᠯᠢ ᠶᠢ ᠵᠥᠷᠢᠴᠡᠨ ᠳᠤᠭᠤᠶ ᠤᠨᠤᠭᠠᠳ ᠵᠠᠮ ᠬᠠᠷᠢᠯᠴᠠᠭᠠᠨ ᠤ ᠠᠳᠡᠯ ᠣᠯᠠᠨ ᠭᠠᠷᠴᠤ᠂ ᠪᠤᠰᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠨᠦᠯᠦᠭᠡᠯᠡᠵᠦ ᠪᠠᠶᠢᠨ᠎ᠠ᠃ ᠲᠠᠷᠠᠭᠠᠴᠢ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠬᠤ ᠳᠠᠭᠠᠨ ᠠᠩᠬᠠᠷᠬᠤ ᠴᠢᠬᠤᠯᠠ ᠲᠠᠢ ᠬᠡᠳᠦᠨ ᠵᠦᠢᠯ ᠢ ᠰᠠᠨᠠᠭᠤᠯᠤᠶ᠎ᠠ᠄     ᠨᠢᠭᠡ᠂ ᠠᠮᠤᠷ ᠲᠦᠪᠰᠢᠨ ᠤ ᠳᠤᠭᠤᠯᠠᠭ᠎ᠠ ᠪᠠᠨ ᠰᠠᠶᠢᠲᠤᠷ ᠵᠡᠭᠦᠭᠡᠷᠡᠢ᠃ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠭᠠᠳᠠᠭᠰᠢ ᠭᠠᠷᠬᠤ ᠳᠤ᠂ ᠵᠢᠯᠣᠭᠤᠴᠢ ᠪᠠ ᠲᠡᠷᠭᠡᠨ ᠳᠤ ᠰᠠᠭᠤᠭᠴᠢ ᠴᠥᠮ ᠡᠷᠬᠡᠪᠰᠢ ᠲᠤᠰ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠶᠡᠭᠡ ᠪᠠᠭ᠎ᠠ ᠨᠢ ᠲᠣᠬᠢᠷᠠᠮᠵᠢᠲᠠᠢ᠂ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠠᠮᠤᠷ ᠲᠦᠪᠰᠢᠨ ᠤ ᠳᠤᠭᠤᠯᠠᠭ᠎ᠠ ᠵᠡᠭᠦᠵᠦ᠂ ᠠᠮᠤᠷ ᠲᠦᠪᠰᠢᠨ ᠤ ᠮᠠᠯᠠᠭᠠᠢ ᠶᠢᠨ ᠪᠦᠰᠡ ᠪᠠᠨ ᠰᠠᠶᠢᠲᠤᠷ ᠴᠢᠩᠭᠠᠯᠠᠵᠤ ᠤᠶᠠᠬᠤ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠳᠠᠭᠠᠨ ᠠᠮᠤᠷ ᠲᠦᠪᠰᠢᠨ ᠤ ᠳᠤᠭᠤᠯᠠᠭ᠎ᠠ  ᠵᠡᠭᠦᠬᠦ ᠶᠢ ᠰᠠᠨᠠᠭᠠᠴᠢᠯᠠᠵᠤ᠂ ᠨᠠᠰᠤᠨ ᠳᠤ ᠬᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠯᠤᠭᠤᠳᠬᠤ ᠳᠠᠭᠠᠨ ᠪᠦᠬᠦᠯᠢ 12 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠬᠦᠷᠦᠭᠰᠡᠳ ᠢ ᠵᠦᠪᠬᠡᠨ ᠨᠢᠭᠡ ᠯᠡ ᠬᠦᠮᠦᠨ ᠢ ᠠᠴᠢᠶᠠᠯᠠᠵᠤ ᠪᠣᠯᠤᠨ᠎ᠠ᠃ ᠭᠠᠭᠴᠠᠬᠠᠨ ᠰᠠᠭᠤᠳᠠᠯ  ᠲᠠᠢ ᠴᠠᠬᠢᠯᠭᠠᠨ ᠬᠥᠳᠡᠯᠭᠡᠭᠦᠷᠲᠦ ᠲᠡᠷᠭᠡ ᠬᠥᠮᠦᠨ ᠠᠴᠢᠶᠠᠯᠠᠵᠤ ᠪᠣᠯᠬᠤ ᠦᠭᠡᠢ᠃    ᠬᠤᠶᠠᠷ᠂ ᠬᠢᠷᠢ ᠲᠡᠩᠴᠡᠭᠰᠡᠨ ᠳᠤᠭᠤᠯᠠᠭ᠎ᠠ ᠬᠤᠳᠠᠯᠳᠤᠨ ᠠᠪᠤᠭᠠᠷᠠᠢ᠃ ᠲᠤᠭᠤᠯᠠᠭ᠎ᠠ ᠬᠤᠳᠠᠯᠳᠤᠨ ᠠᠪᠬᠤ ᠳᠠᠭᠠᠨ ᠵᠠᠪᠠᠯ ᠵᠢᠩᠬᠢᠨᠢ ᠦᠢᠯᠡᠳᠪᠦᠷᠢ ᠶᠢᠨ ᠦᠢᠯᠡᠳᠪᠦᠷᠢᠯᠡᠵᠦ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠢᠯᠡᠳᠬᠦᠨ ᠢ ᠰᠣᠩᠭᠤᠵᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠬᠤᠳᠠᠯᠳᠤᠨ ᠠᠪᠴᠤ ᠪᠣᠯᠬᠤ ᠦᠭᠡᠶ᠃    ᠭᠤᠷᠪᠠ᠂ ᠠᠮᠤᠷ ᠲᠦᠪᠰᠢᠨ ᠪᠣᠯᠪᠠᠰᠤᠨ ᠢᠶᠠᠷ ᠶᠠᠪᠤᠵᠤ ᠰᠠᠭᠤᠭᠠᠷᠠᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠲᠣᠭᠲᠠᠭᠠᠯ ᠶᠣᠰᠣᠭᠠᠷ ᠲᠤᠭᠤᠯᠠᠭ᠎ᠠ ᠪᠠᠨ ᠵᠡᠭᠦᠬᠦ ᠦᠭᠡᠢ ᠠᠴᠠ ᠪᠣᠯᠵᠣ ᠡᠬᠦᠰᠴᠦ ᠮᠡᠳᠡᠬᠦ ᠬᠦᠨᠳᠦ ᠨᠣᠴᠢᠲᠠᠶ ᠬᠤᠤᠷ ᠬᠥᠨᠥᠭᠡᠯ ᠤᠨ ᠦᠷ᠎ᠡ ᠳ᠋ᠦᠩ ᠢ ᠣᠶᠢᠯᠠᠭᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠯᠤᠭᠤᠳᠬᠤ ᠳᠠᠭᠠᠨ ᠮᠠᠰᠢᠨᠲᠤ ᠪᠤᠰᠤ ᠲᠡᠷᠭᠡᠨ ᠤ ᠵᠠᠮ ᠦᠭᠡᠶ ᠪᠣᠯ ᠵᠠᠮ ᠤᠨ ᠪᠠᠷᠠᠭᠤᠨ ᠲᠠᠯ᠎ᠠ ᠪᠠᠷ ᠶᠠᠪᠤᠵᠤ᠂ ᠵᠠᠰᠠᠮᠠᠯ ᠵᠠᠮ ᠢ ᠣᠭᠲᠣᠯᠵᠤ ᠭᠠᠷᠬᠤ ᠳᠤ ᠲᠡᠷᠭᠡᠨ ᠠᠴᠠ ᠪᠠᠨ ᠪᠠᠭᠤᠵᠤ ᠵᠢᠳᠭᠦᠬᠦ ᠬᠡᠷᠡᠭᠲᠡᠶ︔ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠯᠣᠭᠤᠳᠬᠤ ᠳᠤ ᠡᠷᠬᠡᠪᠰᠢ ᠪᠦᠬᠦᠯᠢ 16 ᠨᠠᠰᠤ ᠬᠦᠷᠦᠭᠰᠡᠨ ᠪᠠᠶᠢᠬᠤ ᠬᠡᠷᠡᠭᠲᠡᠶ᠃    ᠲᠦᠷᠪᠡ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠪᠴᠢᠭᠡᠷᠡᠢ᠃ ᠴᠠᠬᠢᠯᠭᠠᠨ ᠬᠥᠳᠡᠯᠭᠡᠭᠦᠷᠲᠦ ᠲᠡᠷᠭᠡ ᠵᠢᠯᠣᠭᠤᠳᠬᠤ ᠳᠠᠭᠠᠨ ᠤᠯᠠᠭᠠᠨ ᠳ᠋ᠧᠩ ᠢ ᠵᠦᠷᠢᠴᠡᠬᠦ ᠦᠭᠡᠢ᠂ ᠡᠰᠡᠷᠭᠦ ᠴᠢᠭᠯᠡᠯ ᠢᠶᠠᠷ ᠶᠠᠪᠤᠬᠤ ᠦᠭᠡᠢ᠂ ᠳᠤᠷ᠎ᠠ ᠪᠠᠷ ᠰᠦᠯᠵᠢᠯᠳᠦᠬᠦ ᠦᠭᠡᠢ ᠪᠠᠶᠢᠬᠤ ᠬᠡᠷᠡᠭᠳᠡᠢ᠂ ᠳᠤᠭᠤᠶ ᠤᠨᠤᠬᠤ ᠳᠠᠭᠠᠨ ᠠᠩᠬᠠᠷᠤᠯ ᠢᠶᠠᠨ ᠲᠥᠪᠯᠡᠷᠡᠭᠦᠯᠦᠨ᠂ ᠵᠡᠷᠭᠡᠴᠡᠵᠦ ᠶᠠᠪᠤᠬᠤ ᠥᠬᠡᠶ᠂ ᠵᠠᠮ ᠪᠤᠯᠢᠶᠠᠯᠳᠤᠬᠤ ᠥᠬᠡᠶ᠂ ᠠᠮᠤᠷ ᠲᠦᠪᠰᠢᠨ ᠢᠶᠠᠷ ᠨᠠᠶᠢᠷ ᠲᠠᠯᠪᠢᠵᠤ᠂ ᠡᠮᠬᠢ ᠵᠢᠷᠤᠮ ᠲᠠᠢ ᠪᠠᠷ ᠨᠡᠪᠲᠡᠷᠡᠬᠦ ᠬᠡᠷᠡᠭᠲᠡᠶ᠃ ᠵᠠᠮ ᠤᠨ ᠠᠭᠤᠯᠵᠠᠷ ᠢ ᠥᠩᠭᠡᠷᠡᠬᠦ ᠦᠶ᠎ᠡ ᠳᠤ ︽ᠨᠢᠭᠡ ᠳᠤ ᠦᠵᠡᠵᠦ᠂ ᠬᠤᠶᠠᠷ ᠲᠤ ᠠᠭᠠᠵᠢᠮ ᠢᠶᠠᠷ᠂ ᠭᠤᠷᠪᠠ ᠳᠤ  ᠦᠩᠭᠡᠷᠡᠬᠦ︾ ᠶᠢ ᠪᠡᠶᠡᠯᠡᠭᠦᠯᠵᠦ᠂ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠲᠣᠮᠣ ᠪᠠᠷᠠᠭᠠᠨ ᠤ ᠲᠡᠷᠭᠡ ᠮᠤᠷᠤᠶᠢᠬᠤ ᠪᠤᠶᠤ ᠰᠢᠭᠤᠳ ᠶᠠᠪᠤᠬᠤ ᠲᠠᠭᠠᠷᠠᠯᠳᠤᠬᠤ ᠦᠶᠡᠰ᠂ ᠲᠣᠮᠣ ᠪᠠᠷᠠᠭᠠᠨ ᠤ ᠲᠡᠷᠭᠡ ᠲᠠᠢ ᠵᠣᠬᠢᠬᠤ ᠬᠡᠮᠵᠢᠶᠡᠨ ᠤ ᠠᠮᠤᠷ ᠲᠦᠪᠰᠢᠨ ᠤ ᠵᠠᠶ ᠲᠠᠢ ᠪᠠᠶᠢᠵᠤ᠂ ᠲᠣᠮᠣ ᠪᠠᠷᠠᠭᠠᠨ ᠤ ᠲᠡᠷᠭᠡ ᠲᠠᠢ ᠵᠠᠮ ᠪᠤᠯᠢᠶᠠᠯᠳᠤᠵᠤ ᠪᠣᠯᠬᠤ ᠦᠭᠡᠶ᠂ ᠥᠪᠡᠷ ᠤᠨ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠶ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号