ᠭᠦᠸᠧ ᠲᠢᠶᠠᠨ ᠪᠦᠦ ᠦᠨᠳᠦᠰᠦᠨ ᠱᠠᠲᠤᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/6
   11 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠨᠤᠭᠤᠰᠤᠲᠠᠢ ᠪᠠᠯᠭᠠᠰᠤ᠂ ᠪᠠᠭᠠᠳᠠᠯ᠎ᠠ ᠰᠤᠮᠤᠨ ᠳᠤ ᠬᠦᠷᠴᠦ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠠ᠃ ᠬᠤᠰᠢᠭᠤᠨ ᠤ ᠤᠳᠤᠷᠢᠳᠤᠯᠭ᠎ᠠ ᠯᠢᠦ ᠸᠧᠨ ᠰᠢ᠂ ᠹᠠᠩ ᠾᠦᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ ᠣᠷᠣᠯᠴᠠᠵᠠᠶ᠃
  郭天宝调研基层工作.jpg  
    ᠶᠠᠷᠢᠯᠴᠠᠬᠤ ᠬᠤᠷᠠᠯ ᠳᠡᠭᠡᠷ᠎ᠡ᠂ ᠭᠦᠸᠧ ᠲᠢᠶᠠᠨ ᠪᠦᠦ ᠰᠤᠮᠤ ᠪᠠᠯᠭᠠᠰᠤᠨ ᠤ ᠤᠳᠤᠷᠢᠳᠬᠤ ᠪᠠᠭ ᠤᠨ ᠭᠡᠰᠢᠭᠦᠳ ᠤᠨ 2024 ᠣᠨ ᠤ ᠠᠵᠢᠯ ᠥᠷᠨᠢᠭᠦᠯᠦᠭᠰᠡᠨ ᠪᠠ 2025 ᠣᠨ ᠤ ᠠᠵᠢᠯ ᠢ ᠲᠥᠯᠥᠪᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠢᠭᠡᠳ ᠨᠢᠭᠡ ᠪᠠᠷ ᠰᠣᠨᠣᠰᠴᠤ᠂ ᠨᠢᠭᠡ ᠵᠢᠯ ᠤᠨ ᠲᠤᠷᠰᠢᠬᠢ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ ᠬᠡᠯᠡᠭᠰᠡᠨ ᠨᠢ᠂ ᠵᠢᠯ ᠤᠨ ᠡᠴᠦᠰ ᠪᠣᠯᠲᠠᠯ᠎ᠠ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠ ᠴᠠᠭ ᠤᠨ ᠳᠠᠷᠠᠭᠠᠯᠠᠯ ᠤᠨ ᠠᠬᠢᠴᠠ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠪᠥᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠵᠠᠳᠠᠯᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠯᠥᠪᠵᠢᠭᠦᠯᠵᠦ᠂ ᠨᠡᠩ ᠰᠠᠶᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃    ᠭᠦᠸᠧ ᠲᠢᠶᠠᠨ ᠪᠦᠦ ᠰᠤᠮᠤ ᠪᠠᠯᠭᠠᠰᠤᠨ ᠤ ᠤᠳᠤᠷᠢᠳᠬᠤ ᠪᠠᠭ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ᠂ ᠬᠤᠷᠢᠭ᠎ᠠ ᠱᠤᠭᠤᠮ ᠢ ᠰᠠᠬᠢᠬᠤ᠂ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠣᠭᠤᠷᠢᠨ ᠳᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠥᠷᠢᠰᠥᠯᠳᠦᠭᠡᠨ ᠪᠣᠯᠤᠨ ᠡᠭᠦᠷᠭᠡ ᠶᠢ ᠨᠡᠩ ᠰᠠᠶᠢᠲᠤᠷ ᠠᠷᠭᠠᠴᠠᠭᠠᠵᠤ᠂ ᠡᠯ᠎ᠡ ᠵᠦᠢᠯ ᠤᠨ ᠠᠵᠢᠯ ᠦᠢᠯᠡᠰ ᠤᠨ ᠤᠷᠤᠬᠰᠢ ᠲᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠭᠦᠸᠧ ᠲᠢᠶᠠᠨ ᠪᠦᠦ ᠪᠠᠰᠠ ᠨᠤᠭᠤᠰᠤᠳᠠᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠭᠠᠯ ᠤᠨᠲᠠᠷᠠᠭᠠᠬᠤ ᠦᠷᠳᠡᠭᠡ ᠳᠤ ᠬᠦᠷᠴᠦ᠂ ᠲᠠᠯᠠᠪᠤᠷ ᠤᠨ ᠪᠦᠳᠦᠭᠡᠨ ᠪᠠᠶᠢᠭᠤᠯᠤᠯᠲᠠ᠂ ᠠᠵᠢᠯᠳᠠᠨ ᠤ ᠲᠤᠬᠢᠷᠠᠭᠤᠯᠤᠯᠳᠠ ᠪᠣᠯᠤᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠭᠠᠳᠠᠯ᠎ᠠ ᠰᠤᠮᠤ ᠶᠢᠨ ᠪᠤᠷᠳᠤᠭᠠᠨ ᠦᠬᠡᠷ ᠢ ᠨᠠᠶᠢᠳᠠᠨ ᠬᠠᠮᠢᠶᠠᠷᠤᠭᠤᠯᠵᠤ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号