ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠵᠢᠩᠬᠢᠨᠢ ᠪᠠᠷ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2024/11/6
                             ᠨᠡᠶᠢᠲᠡᠯᠡᠭᠰᠡᠨ ᠴᠠᠭ᠄ 2024/4/3         3 ᠰᠠᠷ᠎ᠠ ᠶᠢᠨ 21 ᠤ ᠡᠳᠦᠷ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︵http://jypy.jyb.cn︶  ᠵᠢᠩᠬᠢᠨᠢ ᠪᠠᠷ ᠰᠦᠯᠵᠢᠶᠡᠨ ᠳᠤ ᠭᠠᠷᠪᠠ᠃ ᠲᠠᠪᠴᠠᠩ ᠪᠣᠯ ᠰᠤᠷᠭᠠᠨ ᠬᠥᠮᠦᠵᠢᠯ ᠤᠨ ᠬᠦᠷᠢᠶᠡᠨ ᠤ ᠴᠤᠤᠷᠬᠠᠯ ᠢ ᠢᠯᠡᠷᠡᠭᠦᠯᠬᠦ᠂ ᠴᠤᠤᠷᠬᠠᠯ ᠢ ᠪᠠᠶᠢᠴᠠᠭᠠᠨ ᠲᠣᠳᠣᠯᠠᠬᠤ᠂  ᠴᠤᠤᠷᠬᠠᠯ ᠢ ᠲᠣᠳᠣᠷᠬᠠᠶᠢᠯᠠᠬᠤ ᠡᠷᠬᠡ ᠰᠦᠷᠲᠦ ᠠᠷᠭ᠎ᠠ ᠵᠠᠮ ᠮᠥᠨ᠂ ᠪᠦᠬᠦ ᠤᠯᠤᠰ ᠤᠨ ᠰᠦᠯᠵᠢᠶᠡᠨ ᠤ ᠴᠤᠤᠷᠬᠠᠯ ᠢ ᠨᠢᠴᠤᠭᠠᠬᠤ ᠬᠤᠯᠪᠤᠯᠳᠤᠨ ᠬᠥᠳᠡᠯᠦᠯᠴᠡᠬᠦ  ᠲᠣᠭᠲᠠᠴᠠ ᠳᠤ ᠲᠦᠰᠢᠭᠯᠡᠨ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠤᠯᠪᠤᠭᠠᠲᠤ ᠴᠤᠤᠷᠬᠠᠯ ᠢ ᠨᠢᠴᠤᠭᠠᠬᠤ ᠲᠠᠪᠴᠠᠩ᠂ ᠲᠥᠪ ᠤᠨ ᠭᠤᠣᠯᠳᠠᠯᠭ᠎ᠠ ᠲᠠᠢ  ᠰᠣᠨᠢᠨ ᠮᠡᠳᠡᠭᠡᠨ ᠤ ᠰᠦᠯᠵᠢᠶ᠎ᠡ ᠪᠠ ᠣᠷᠣᠨ ᠨᠤᠲᠤᠭ ᠤᠨ ᠴᠤᠤᠷᠬᠠᠯ ᠢ ᠨᠢᠴᠤᠭᠠᠬᠤ ᠲᠠᠪᠴᠠᠩ᠂ ᠠᠯᠪᠠᠨ ᠤ ᠰᠦᠯᠵᠢᠶ᠎ᠡ ᠵᠢᠴᠢ ᠣᠷᠣᠨ ᠨᠤᠲᠤᠭ ᠤᠨ ᠰᠤᠷᠭᠠᠨ  ᠬᠥᠮᠦᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠵᠡᠷᠭᠡ ᠬᠠᠮᠵᠢᠨ ᠬᠥᠳᠡᠯᠦᠯᠴᠡᠵᠦ᠂ ᠰᠤᠷᠭᠠᠨ ᠬᠥᠮᠦᠵᠢᠯ ᠤᠨ  ᠬᠦᠷᠢᠶᠡᠨ ᠳᠠᠬᠢ ᠰᠦᠯᠵᠢᠶᠡᠨ ᠤ ᠴᠤᠤᠷᠬᠠᠯ ᠢ ︽ᠬᠤᠯᠪᠣᠭᠠᠯᠠᠨ ᠬᠥᠳᠡᠯᠦᠯᠴᠡᠵᠦ ᠢᠯᠡᠴᠢᠯᠡᠬᠦ᠂ ᠬᠤᠯᠪᠣᠭᠠᠯᠠᠨ ᠬᠥᠳᠡᠯᠦᠯᠴᠡᠵᠦ ᠪᠠᠶᠢᠴᠠᠭᠠᠨ ᠲᠣᠳᠤᠯᠠᠬᠤ᠂  ᠬᠤᠯᠪᠣᠭᠠᠯᠠᠨ ᠬᠥᠳᠡᠯᠦᠯᠴᠡᠵᠦ ᠴᠤᠤᠷᠬᠠᠯ ᠢ ᠨᠢᠴᠤᠭᠠᠬᠤ︾ ᠠᠵᠢᠯ ᠤᠨ ᠵᠠᠭᠪᠤᠷ ᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠠᠶᠢᠨ ᠰᠠᠶᠢᠠᠬᠠᠨ  ᠰᠦᠯᠵᠢᠶᠡᠨ ᠤ ᠣᠷᠣᠨ ᠵᠠᠢ ᠶᠢ ᠪᠣᠢ ᠪᠣᠯᠭᠠᠬᠤ ᠳᠤ ᠢᠳᠡᠪᠬᠢᠲᠡᠢ ᠬᠦᠴᠦᠨ ᠨᠡᠮᠡᠷᠢᠯᠡᠨ᠎ᠡ᠃          ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︽ᠲᠠᠪᠤᠨ ᠲᠠᠪᠴᠠᠩ ᠨᠢᠭᠡ ᠰᠠᠮᠪᠠᠷ᠎ᠠ︾ ᠶᠢ ᠪᠠᠶᠢᠭᠤᠯᠵᠤ᠂ ᠢᠯᠡᠴᠢᠯᠡᠬᠦ  ᠲᠠᠪᠴᠠᠩ᠂ ᠬᠠᠷᠢᠭᠤ ᠪᠤᠴᠠᠭᠠᠬᠤ ᠲᠠᠪᠴᠠᠩ᠂ ᠰᠠᠨᠠᠭᠤᠯᠬᠤ ᠳᠠᠪᠴᠠᠩ᠂ ᠰᠤᠷᠤᠯᠴᠠᠬᠤ ᠲᠠᠪᠴᠠᠩ᠂ ᠪᠠᠶᠢᠴᠠᠭᠠᠨ ᠲᠣᠳᠤᠯᠠᠬᠤ ᠲᠠᠪᠴᠠᠩ ᠪᠠ ᠴᠤᠤᠷᠬᠠᠯ ᠢ  ᠨᠢᠴᠤᠭᠠᠬᠤ ᠰᠠᠮᠪᠠᠷ᠎ᠠ ᠶᠢ ᠪᠠᠭᠲᠠᠭᠠᠨ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠤᠤᠷᠬᠠᠯ ᠢ ᠴᠠᠭ ᠲᠤᠬᠠᠢ ᠳᠤ ᠨᠢ ᠨᠢᠴᠤᠭᠠᠵᠤ᠂ ᠴᠠᠭ ᠲᠤᠬᠠᠢ ᠳᠤ ᠨᠢ  ᠢᠯᠡᠴᠢᠯᠡᠨ᠎ᠡ᠃ ᠢᠯᠡᠴᠢᠯᠡᠬᠦ ᠳᠠᠪᠴᠠᠩ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠴᠠᠭ  ᠲᠤᠬᠠᠢ ᠳᠤ ᠨᠢ ᠨᠡᠶᠢᠲᠡᠯᠡᠨ᠎ᠡ︔ ᠬᠠᠷᠢᠭᠤ ᠪᠤᠴᠠᠭᠠᠬᠤ ᠲᠠᠪᠴᠠᠩ ᠰᠤᠷᠭᠠᠨ ᠬᠥᠮᠦᠵᠢᠯ ᠤᠨ ᠡᠷᠬᠡ ᠰᠦᠷᠲᠦ ᠰᠠᠯᠠᠭ᠎ᠠ ᠮᠥᠴᠢᠷ ᠤᠨ ᠬᠠᠯᠠᠮᠰᠢᠯ ᠶᠠᠷᠢᠶ᠎ᠠ ᠬᠡᠯᠡᠯᠴᠡᠭᠡᠨ ᠤ  ᠪᠠᠶᠢᠳᠠᠯ ᠢ ᠬᠠᠷᠢᠭᠤ ᠪᠤᠴᠠᠭᠠᠬᠤ ᠮᠡᠳᠡᠭᠡ ᠵᠠᠩᠭᠢ ᠳᠤ ᠠᠩᠬᠠᠷᠤᠯ ᠢᠶᠠᠨ ᠲᠥᠪᠯᠡᠷᠡᠭᠦᠯᠪᠡ︔ ᠰᠠᠨᠠᠭᠤᠯᠬᠤ ᠳᠠᠪᠴᠠᠩ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠶᠢ  ᠴᠤᠭᠯᠠᠭᠤᠯᠵᠤ᠂ ᠣᠯᠠᠨ ᠢ ᠬᠠᠪᠰᠤᠷᠤᠨ ᠴᠤᠤᠷᠬᠠᠯ ᠢ ᠨᠠᠷᠢᠯᠢᠭ ᠣᠨᠣᠴᠠᠲᠠᠢ ᠲᠠᠨᠢᠭᠤᠯᠤᠨ᠎ᠠ︔ ᠰᠤᠷᠤᠯᠴᠠᠬᠤ ᠳᠠᠪᠴᠠᠩ ᠰᠦᠯᠵᠢᠶᠡᠨ ᠤ ᠴᠤᠤᠷᠬᠠᠯ ᠢ ᠴᠡᠴᠡᠭᠯᠡᠨ  ᠵᠠᠰᠠᠬᠤ ᠶᠢ ᠴᠢᠩᠭᠠᠳᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠰᠣᠨᠢᠨ ᠮᠡᠳᠡᠭᠡᠨ ᠤ ᠬᠠᠨᠳᠤᠰᠢ ᠵᠡᠷᠭᠡ ᠶᠢ ᠰᠢᠩᠭᠡᠭᠡᠨ ᠣᠷᠣᠭᠤᠯᠪᠠ︔  ᠪᠠᠶᠢᠴᠠᠭᠠᠨ ᠲᠣᠳᠣᠯᠠᠬᠤ ᠳᠠᠪᠴᠠᠩ ︽ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ︾᠂ ︽ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ︾᠂ ︽ᠵᠢᠭᠠᠬᠤ  ᠮᠠᠲ᠋ᠧᠷᠢᠶᠠᠯ ᠬᠢᠴᠢᠶᠡᠯ︾᠂ ︽ᠰᠢᠯᠭᠠᠯᠲᠠ ᠪᠠᠷ ᠰᠤᠷᠤᠭᠴᠢ ᠡᠯᠰᠡᠬᠦ︾᠂ ︽ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ︾ ᠵᠡᠷᠭᠡ ᠵᠠᠩᠭᠢᠯᠠᠭ᠎ᠠ ᠶᠢᠨ ᠦᠭᠡ ᠪᠠᠷ  ᠴᠤᠤᠷᠬᠠᠯ ᠢ ᠲᠥᠷᠥᠯ ᠬᠤᠪᠢᠶᠠᠵᠤ᠂ ᠣᠯᠠᠨ ᠤ ᠪᠠᠶᠢᠴᠠᠭᠠᠨ ᠲᠣᠳᠤᠯᠠᠬᠤ ᠳᠤ ᠳᠥᠭᠦᠮ ᠦᠵᠡᠭᠦᠯᠪᠡ︔ ᠴᠤᠤᠷᠬᠠᠯ ᠢ ᠨᠢᠴᠤᠭᠠᠬᠤ ᠰᠠᠮᠪᠠᠷ᠎ᠠ ᠳᠤ ᠠᠩᠬᠠᠷᠤᠯ ᠤᠨ  ᠬᠡᠮᠵᠢᠶ᠎ᠡ ᠶᠡᠭᠡ ᠰᠤᠷᠭᠠᠨ ᠬᠥᠮᠦᠵᠢᠯ ᠤᠨ ᠴᠤᠤᠷᠬᠠᠯ ᠤᠨ ᠮᠡᠳᠡᠭᠡ ᠵᠠᠩᠭᠢ ᠶᠢ ᠨᠠᠷᠢᠯᠢᠭ ᠰᠣᠩᠭᠤᠵᠤ ᠭᠡᠷᠡᠯ ᠵᠢᠷᠤᠭ ᠪᠤᠶᠤ ᠣᠬᠤᠷ ᠸᠢᠳᠢᠣ᠋ ᠶᠢᠨ ᠬᠡᠯᠪᠡᠷᠢ ᠪᠠᠷ ᠰᠠᠷ᠎ᠠ  ᠪᠣᠯᠭᠠᠨ ᠠᠵᠢᠯᠯᠠᠭ᠎ᠠ ᠥᠷᠨᠢᠭᠦᠯᠪᠡ᠃          ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ  ᠰᠦᠯᠵᠢᠶ᠎ᠡ ᠳᠠᠭᠠᠭᠠᠴᠢᠯᠠᠨ ᠡᠷᠬᠢᠯᠡᠪᠡ᠃ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠲᠤᠰᠬᠠᠢ ᠪᠤᠯᠤᠩ ᠭᠠᠷᠭᠠᠭᠰᠠᠨ ᠠᠴᠠ  ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠸᠢᠴᠠᠲ ᠤᠨ ᠰᠤᠷᠭᠠᠨ ᠬᠥᠮᠦᠵᠢᠯ᠂ ᠳᠤᠮᠳᠠᠳᠤ ᠤᠯᠤᠰ ᠤᠨ  ᠰᠤᠷᠭᠠᠨ ᠬᠥᠮᠦᠵᠢᠯ ᠤᠨ ᠬᠡᠷᠡᠭᠯᠡᠭᠴᠢ ᠶᠢᠨ ᠦᠵᠦᠭᠦᠷ ᠵᠢᠴᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠤ ᠸᠢᠴᠠᠲ᠂ ᠸᠧᠢ ᠪᠥᠸᠧ᠂  ᠬᠡᠷᠡᠭᠯᠡᠭᠴᠢ ᠶᠢᠨ ᠦᠵᠦᠭᠦᠷ ᠵᠡᠷᠭᠡ ᠴᠦ ᠵᠡᠷᠭᠡ ᠪᠠᠷ ᠲᠤᠰᠬᠠᠢ ᠪᠤᠯᠤᠩ ᠭᠠᠷᠭᠠᠵᠤ᠂ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠭᠤᠣᠯᠳᠠᠯᠭ᠎ᠠ  ᠲᠠᠢ ᠬᠦᠷᠭᠡᠬᠦ ᠪᠣᠯᠤᠨ᠎ᠠ᠃          ᠵᠡᠭᠦᠨ ᠲᠠᠯ᠎ᠠ ᠶᠢᠨ ᠳᠣᠣᠷ᠎ᠠ ᠥᠨᠴᠥᠭ ᠤᠨ ︽ᠤᠭ ᠵᠣᠬᠢᠶᠠᠯ ᠢ ᠤᠩᠰᠢᠬᠤ︾ ᠶᠢ ᠳᠣᠶ᠋ᠢᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ  ᠨᠢᠴᠤᠭᠠᠬᠤ ᠲᠠᠪᠴᠠᠩ ᠳᠤ ᠣᠷᠣᠨ᠎ᠠ᠂ ᠡᠰᠡᠬᠦᠯ᠎ᠡ ︽ᠸᠢᠴᠠᠲ ᠤᠨ ᠰᠤᠷᠭᠠᠨ ᠬᠥᠮᠦᠵᠢᠯ︾ ᠤᠨ ᠸᠢᠴᠠᠲ ᠢ ᠠᠩᠬᠠᠷᠴᠤ᠂ ᠣᠯᠠᠨ ᠨᠡᠶᠢᠲᠡ ᠶᠢᠨ ᠲᠠᠪᠴᠠᠩ ᠤᠨ ᠲᠡᠷᠢᠭᠦᠨ  ᠨᠢᠭᠤᠷ ᠤᠨ ︽ᠦᠢᠯᠡᠴᠢᠯᠡᠭᠡ︾ ᠶᠢ ᠳᠣᠶ᠋ᠢᠵᠤ᠂ ︽ᠴᠤᠤᠷᠬᠠᠯ ᠢ ᠨᠢᠴᠤᠭᠠᠬᠤ ᠲᠠᠪᠴᠠᠩ︾ ᠢ ᠰᠣᠩᠭᠤᠨ ᠣᠷᠣᠵᠤ ᠪᠣᠯᠤᠨ᠎ᠠ᠃                   ᠢᠷᠡᠯᠲᠡ᠄  ᠰᠤᠷᠭᠠᠨ ᠬᠥᠮᠥᠵᠢᠯ ᠤᠨ ᠲᠢᠩᠬᠢᠮ    
 
ᠢᠷᠡᠯᠲᠡ᠄ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号