12 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ | ᠬᠤᠷᠠᠯ ᠡᠷᠭᠢᠯᠡᠪᠡ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ | ᠤᠨᠤᠯ ᠤᠨ ᠰᠤᠳᠤᠯᠭᠠᠨ ᠪᠣᠯᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ | ᠮᠠᠷᠺᠰ ᠤᠨ ᠦᠵᠡᠯ ᠤᠨ ᠦᠨᠳᠦᠰᠦᠨ ᠤᠭ ᠶᠣᠰᠣ ᠪᠣᠯᠤᠨ ᠰᠢᠨᠵᠢᠯᠡᠬᠦ ᠤᠬᠠᠭᠠᠨᠴᠢ ᠠᠷᠭ᠎ᠠ ᠶᠢ ᠰᠤᠷᠤᠯᠴᠠᠨ | ᠬᠡᠷᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠢ | ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠪᠦᠬᠦ ᠬᠤᠰᠢᠭᠤᠨ ᠤ ᠡᠯ᠎ᠡ | ᠵᠦᠢᠯ ᠤᠨ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠬᠠᠩᠭᠠᠨ | ᠪᠣᠷᠣᠯᠠᠭᠤᠯᠬᠤ ᠶᠡᠷᠦᠩᠬᠡᠢ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠭᠠᠷᠭᠠᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠩᠭᠠᠨ ᠪᠣᠷᠣᠯᠠᠭᠤᠯᠬᠤ ᠰᠢᠰᠲ᠋ᠧᠮ | ᠲᠠᠷᠢᠶᠠᠯᠠᠩ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠲᠠᠷᠢᠶᠠᠯᠠᠩ ᠲᠠᠢ ᠬᠤᠯᠪᠣᠭᠠᠯᠠᠬᠤ᠂ ᠲᠠᠷᠢᠶᠠᠯᠠᠩ ᠢ ᠳᠠᠶᠢᠴᠢᠯᠠᠬᠤ᠂ ᠲᠠᠷᠢᠶᠠᠴᠢᠳ ᠢ ᠪᠠᠶᠠᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡ ᠪᠣᠯᠤᠨ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠬᠤᠰᠢᠭᠤ ᠶᠢ | ᠲᠦᠷᠭᠡᠳᠬᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ | ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠦᠳᠦᠭᠡᠨ | ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ | ᠵᠡᠷᠭᠡ ᠬᠦᠷᠢᠶᠡᠨ ᠳᠤ ᠨᠡᠩ ᠤᠯᠠᠨ ᠰᠢᠪᠲᠤᠯᠤᠯᠲᠠ ᠲᠠᠢ ᠪᠤᠯᠵᠤ᠂ ᠠᠵᠤ ᠠᠬᠤᠢ ᠶᠢᠨ ᠬᠥᠭᠵᠢᠯᠲᠡ ᠶᠢᠨ ᠣᠷᠣᠨ | ᠵᠠᠢ ᠶᠢ ᠴᠢᠷᠮᠠᠶᠢᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ | ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ᠂ ᠠᠶᠤᠯᠭᠦᠶ ᠦᠢᠯᠡᠳᠪᠦᠷᠢᠯᠡᠯ᠂ ᠦᠨᠳᠦᠰᠦᠲᠡᠨ ᠱᠠᠰᠢᠨ | ᠰᠤᠷᠲᠠᠬᠤᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ | ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | 2025 ᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ | ᠭᠦᠨᠵᠡᠭᠡᠶ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ︾ ᠵᠡᠷᠭᠡ ᠪᠢᠴᠢᠭ | ᠮᠠᠲ᠋ᠧᠷᠢᠶᠠᠯ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |