ᠴᠢᠦ ᠵᠢᠶᠦ᠋ᠨ ᠪᠠᠭᠠᠳᠠᠯ᠎ᠠ ᠰᠤᠮᠤ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/11
    12 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠦ ᠵᠢᠶᠦ᠋ᠨ ᠪᠠᠭᠠᠳᠠᠯ᠎ᠠ ᠰᠤᠮᠤ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃
  邱军赴巴胡塔苏木实地调研乡村振兴工作.jpg  
     ᠶᠡᠬᠡᠪᠤᠯᠠᠭ ᠭᠠᠴᠠᠭ᠎ᠠ ᠳᠤ᠂ ᠴᠢᠦ ᠵᠢᠶᠦ᠋ᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠰᠣᠨᠣᠰᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ ᠶᠢ ᠡᠷᠬᠢᠨ ᠦᠵᠡᠵᠦ᠂ ᠲᠡᠳᠡᠨ ᠤ ᠭᠡᠷ ᠪᠦᠯᠢ ᠶᠢᠨ ᠪᠠᠶᠢᠳᠠᠯ ᠵᠢᠴᠢ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠡᠳ᠋ᠯᠡᠬᠦ ᠵᠡᠷᠭᠡ ᠬᠠᠮᠢᠶ᠎ᠠ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠠᠰᠠᠭᠤᠳᠠᠯ ᠪᠣᠯᠤᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠨᠡᠩ ᠣᠨᠣᠪᠴᠢᠲᠠᠢ ᠰᠠᠨᠠᠭᠤᠯᠭ᠎ᠠ ᠪᠣᠯᠤᠨ ᠬᠠᠪᠰᠤᠷᠤᠯᠭ᠎ᠠ ᠬᠠᠩᠭᠠᠪᠠ᠃ ᠳᠠᠷᠠᠭ᠎ᠠ ᠨᠢ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮ ᠬᠤᠳᠠᠯᠳᠤᠨ ᠠᠪᠬᠤ᠂ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠲᠡᠷᠡ ᠴᠢᠬᠤᠯᠠᠴᠢᠯᠠᠭᠰᠠᠨ ᠨᠢ᠂ ᠪᠠᠯᠭᠠᠰᠤ ᠲᠣᠰᠬᠤᠨ ᠬᠤᠶᠠᠷ ᠱᠠᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠬᠠᠪᠰᠤᠷᠤᠨ ᠲᠡᠳᠬᠦᠬᠦ ᠺᠠᠳ᠋ᠷ ᠬᠠᠪᠰᠤᠷᠤᠨ ᠲᠡᠳᠬᠦᠬᠦ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠪᠣᠯᠤᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠬᠠᠮᠲᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠰᠠᠶᠢᠲᠤᠷ ᠪᠠᠶᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃     ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ᠂ ᠬᠠᠮᠢᠶ᠎ᠠ ᠪᠥᠬᠦᠶ ᠭᠠᠵᠠᠷ ᠣᠷᠣᠨ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号