ᠭᠦᠸᠧ ᠲᠢᠶᠠᠨ ᠪᠦᠦ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/12/13
    12 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠪᠦᠯᠬᠦᠮ ᠳᠠᠭᠠᠭᠤᠯᠤᠨ ᠹᠦᠵᠢᠶᠠᠨ᠂ ᠪᠡᠭᠡᠵᠢᠩ᠂ ᠬᠤᠨᠠᠨ ᠵᠡᠷᠭᠡ ᠭᠠᠵᠠᠷ ᠲᠤ ᠬᠤᠳᠠᠯᠳᠤᠭᠠᠴᠢᠨ ᠤᠷᠢᠵᠤ ᠪᠠᠯᠠ ᠲᠠᠳᠠᠬᠤ ᠠᠵᠢᠯ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠲᠦᠩ ᠭᠦᠸᠧ ᠪᠢᠶᠤᠤ ᠵᠢᠴᠢ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠣᠷᠣᠯᠴᠠᠵᠠᠶ᠃
 郭天宝带队外出招商考察01.jpg  
    ᠹᠦᠵᠢᠶᠠᠨ ᠤ ᠹᠦᠵᠧᠦ ᠳᠤ᠂ ᠲᠦᠩᠯᠢᠶᠣᠤ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠲᠠᠨᠢᠯᠴᠠᠭᠤᠯᠭ᠎ᠠ ᠪᠠᠷ ᠳᠡᠮᠵᠢᠨ᠂ ᠭᠦᠸᠧ ᠲᠢᠶᠠᠨ ᠪᠦᠦ ᠨᠠᠷ ᠹᠦᠵᠢᠶᠠᠨ ᠤ ᠬᠤᠸᠠ ᠰᠢᠨ ᠣᠨᠴᠠ ᠲᠥᠷᠥᠯ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠠᠭᠠᠰ ᠳᠠᠮᠵᠢᠭᠤᠯᠤᠭᠴᠢ ᠶᠢᠨ ᠴᠢᠫ ᠤᠨ ᠦᠢᠯᠡᠳᠪᠦᠷᠢᠯᠡᠯ ᠤᠨ ᠱᠤᠭᠤᠮ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠹᠦᠵᠢᠶᠠᠨ ᠤ ᠬᠤᠢ ᠰᠢᠶᠠᠩ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠴᠧᠨ ᠱᠧᠩ ᠳ᠋ᠦᠩ ᠬᠡᠷᠡᠭ ᠮᠡᠳᠡᠭᠴᠢᠳ ᠤᠨ ᠳᠠᠷᠤᠭ᠎ᠠ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠭᠦᠸᠧ ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠷᠣᠨ ᠪᠠᠶᠢᠷᠢ᠂ ᠡᠬᠢ ᠪᠠᠶᠠᠯᠢᠭ᠂ ᠦᠢᠯᠡᠳᠪᠦᠷᠢᠯᠡᠯ ᠤᠨ ᠡᠯᠧᠮᠧᠨ᠋ᠲ ᠤᠨ ᠥᠪᠡᠷ ᠤᠨ ᠥᠷᠲᠡᠭ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠠᠵᠤ ᠠᠬᠤᠶᠢᠯᠠᠯ ᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠪᠠᠷ ᠤᠷᠢᠪᠡ᠃ ᠴᠧᠨ ᠱᠧᠩ ᠳ᠋ᠦᠩ ᠲᠦᠩᠯᠢᠶᠣᠤ ᠬᠤᠲᠠ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠡᠯᠧᠮᠧᠨ᠋ᠲ ᠤᠨ ᠪᠠᠲᠤᠯᠠᠭ᠎ᠠ ᠶᠢ ᠳᠡᠭᠡᠳᠦ ᠬᠡᠮᠵᠢᠶ᠎ᠡ ᠪᠠᠷ ᠮᠡᠳᠡᠷᠡᠵᠦ᠂ ᠠᠯᠢ ᠲᠦᠷᠭᠡᠨ ᠢᠶᠠᠷ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭᠠᠨ ᠤ ᠴᠢᠭᠯᠡᠯ ᠢ ᠬᠠᠮᠲᠤ ᠪᠠᠷ ᠰᠤᠳᠤᠯᠤᠨ ᠶᠠᠷᠢᠯᠴᠠᠨ᠎ᠠ ᠭᠡᠵᠦ ᠢᠯᠡᠳᠬᠡᠪᠡ᠃
 郭天宝带队外出招商考察02.jpg 
    ᠪᠡᠭᠡᠵᠢᠩ ᠬᠤᠲᠠ ᠳᠤ᠂ ᠭᠦᠸᠧ ᠲᠢᠶᠠᠨ ᠪᠦᠦ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠ ᠶᠢᠰᠦᠳᠦᠭᠡᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠲᠠᠢ ᠵᠣᠯᠭᠠᠭᠤᠯᠤᠨ ᠵᠥᠪᠳᠡᠯᠴᠡᠵᠦ᠂ ᠭᠤᠤᠯᠳᠠᠭᠤ ᠬᠦᠷᠮᠡᠨ ᠴᠢᠯᠠᠭᠤᠯᠢᠭ ᠤᠨ ᠰᠢᠷᠬᠡᠭ ᠤᠨ ᠲᠥᠷᠥᠯ ᠵᠦᠢᠯ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠲᠣᠰ ᠬᠦᠷᠢᠶᠡᠨ ᠳᠠᠬᠢ ᠬᠠᠮᠲᠤᠷᠠᠯᠴᠠᠭᠠᠨ ᠤ ᠣᠷᠣᠨ ᠵᠠᠶ ᠶᠢ ᠬᠠᠮᠲᠤ ᠪᠠᠷ ᠰᠤᠳᠤᠯᠤᠨ ᠶᠠᠷᠢᠯᠴᠠᠪᠠ᠃ ᠭᠦᠸᠧ ᠲᠢᠶᠠᠨ ᠪᠦᠦ ᠬᠡᠯᠡᠬᠦ ᠳᠡᠭᠡᠨ᠂ ᠬᠦᠷᠮᠡᠨ ᠴᠢᠯᠠᠭᠤᠯᠢᠭ ᠤᠨ ᠰᠢᠷᠬᠡᠭ ᠤᠨ ᠲᠥᠷᠥᠯ ᠵᠦᠢᠯ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠢᠯᠠᠩᠭᠤᠶ᠎ᠠ ᠪᠣᠬᠢᠷᠲᠤᠯ ᠥᠬᠡᠶ ᠴᠠᠬᠢᠯᠭᠠᠨ ᠤ ᠳᠠᠪᠠᠭᠤᠯᠢᠭ᠂ ᠦᠢᠯᠡᠳᠪᠦᠷᠢᠯᠡᠯ ᠤᠨ ᠡᠯᠧᠮᠧᠨ᠋ᠲ ᠤᠨ ᠥᠪᠡᠷ ᠤᠨ ᠥᠷᠲᠡᠭ ᠤᠨ ᠳᠠᠪᠠᠭᠤᠯᠢᠭ ᠨᠢ ᠲᠠᠷᠠᠭᠠᠴᠢ ᠶᠢᠨ ᠠᠯᠬᠤᠮ ᠤᠨ ᠭᠦᠨᠵᠡᠭᠡᠶ ᠬᠠᠮᠲᠤᠷᠠᠯᠴᠠᠭ᠎ᠠ ᠳᠤ ᠰᠠᠶᠢᠨ ᠰᠠᠶᠢᠬᠠᠨ ᠨᠥᠬᠦᠴᠡᠯ ᠪᠠ ᠥᠷᠭᠡᠨ ᠠᠭᠤᠳᠠᠮ ᠣᠷᠣᠨ ᠵᠠᠶ ᠶᠢ ᠡᠭᠦᠳᠴᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃
郭天宝带队外出招商考察03.jpg  
    ᠬᠤᠨᠠᠨ ᠤ ᠰᠢᠶᠠᠩ ᠲᠠᠨ ᠳᠤ᠂ ᠭᠦᠸᠧ ᠲᠢᠶᠠᠨ ᠪᠦᠦ ᠰᠢᠶᠠᠩ ᠲᠠᠨ ᠶᠡᠭᠡ ᠰᠤᠷᠭᠠᠭᠤᠯᠢ ᠳᠤ ᠬᠦᠷᠴᠦ ᠭᠧ ᠹᠸᠢ ᠳᠡᠳ᠋ ᠵᠠᠬᠢᠷᠤᠯ ᠪᠣᠯᠤᠨ ᠸᠠᠩ ᠰᠢᠶᠠᠨ ᠶᠢᠦ ᠠᠺᠠᠳᠧᠮᠢᠴᠢ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠭᠧ ᠹᠸᠢ ᠰᠤᠷᠭᠠᠭᠤᠯᠢ ᠶᠢᠨ ᠵᠠᠬᠢᠷᠤᠯ ᠭᠦᠸᠧ ᠲᠢᠶᠠᠨ ᠪᠦᠦ ᠱᠦ ᠵᠢᠶ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠢᠷᠡᠭᠡᠳᠦᠶ ᠳᠤ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠲᠥᠷᠥᠯ ᠵᠦᠢᠯ ᠢ ᠬᠤᠪᠢᠷᠠᠭᠤᠯᠬᠤ ᠲᠠᠯ᠎ᠠ ᠪᠠᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠠᠢ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠡᠶ᠃ ᠭᠦᠸᠧ ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠯᠢ ᠭᠦᠸᠧ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠠᠢ ᠭᠦᠨᠵᠡᠭᠡᠶ ᠬᠠᠮᠲᠤᠷᠠᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠢᠯᠢᠭ ᠲᠦᠢᠯ ᠤᠨ ᠮᠠᠲ᠋ᠧᠷᠢᠶᠠᠯ ᠢ ᠦᠢᠯᠡᠳᠪᠦᠷᠢᠯᠡᠬᠦ᠂ ᠲᠡᠮᠦᠷᠯᠢᠭ ᠤᠨ ᠭᠠᠳᠠᠷᠭᠤ ᠶᠢᠨ ᠰᠢᠢᠳᠪᠦᠷᠢᠯᠡᠯᠲᠡ ᠵᠢᠴᠢ ᠳᠣᠤᠷ᠎ᠠ ᠥᠪᠡᠷ ᠤᠨ ᠥᠷᠲᠡᠭᠲᠦ ᠨᠠᠳ᠋ᠷᠢ ᠶᠢᠨ ᠳ᠋ᠢᠶᠠᠨ ᡂᠢ ᠶᠢᠨ ᠲᠥᠷᠥᠯ ᠵᠦᠢᠯ ᠤᠨ ᠢᠷᠡᠭᠡᠳᠦᠶ ᠶᠢᠨ ᠬᠠᠮᠲᠤᠷᠠᠯᠴᠠᠭᠠᠨ ᠤ ᠣᠷᠣᠨ ᠵᠠᠶ ᠶᠢᠨ ᠲᠤᠬᠠᠶ ᠭᠦᠨᠵᠡᠭᠡᠶ ᠰᠣᠯᠢᠯᠴᠠᠪᠠ᠃ ᠭᠦᠸᠧ ᠲᠢᠶᠠᠨ ᠪᠦᠦ ᠮᠠᠨ ᠤ ᠬᠤᠰᠢᠭᠤᠨ ᠤ ᠦᠨᠳᠦᠰᠦᠨ ᠪᠠᠶᠢᠳᠠᠯ ᠵᠢᠴᠢ ᠬᠠᠮᠲᠤᠷᠠᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠢ ᠲᠠᠨᠢᠯᠴᠠᠭᠤᠯᠤᠭᠰᠠᠨ ᠪᠥᠭᠡᠳ ︽ᠰᠢᠶᠠᠩ ᠲᠠᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠮᠬᠢᠳᠬᠡᠯ︾ ᠤᠨ ᠪᠡᠯᠡᠭᠯᠡᠬᠦ ᠶᠢ ᠬᠦᠯᠢᠶᠡᠪᠡ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠶᠢᠯᠴᠢᠯᠠᠵᠤ ᠰᠣᠯᠢᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠣᠨᠳᠣᠣᠰᠢᠭᠤᠯᠬᠤ ᠶᠢ ᠬᠦᠰᠡᠵᠦ ᠪᠠᠶᠢᠨ᠎ᠠ᠃ ᠳᠠᠷᠠᠭ᠎ᠠ ᠨᠢ᠂ ᠲᠤᠷᠰᠢᠯᠲᠠ ᠶᠢᠨ ᠲᠠᠰᠤᠭ ᠲᠤ ᠬᠦᠷᠴᠦ ᠰᠤᠳᠤᠯᠤᠨ ᠨᠡᠭᠡᠭᠡᠭᠰᠡᠨ ᠪᠠᠶᠢᠳᠠᠯ ᠢ ᠣᠶᠢᠯᠠᠭᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号