ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 15 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ 17 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠦ ᠵᠢᠶᠦ᠋ᠨ ᠬᠤᠷᠠᠯ ᠡᠷᠭᠢᠯᠡᠪᠡ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠶᠠᠩ ᠧᠨ ᠵᠧᠨ᠂ ᠲᠦᠩ ᠭᠦᠸᠧ ᠪᠢᠶᠣᠤ᠂ ᠸᠠᠩ ᠶᠢᠨ ᠴᠢᠶᠠᠩ᠂ ᠰᠢᠶᠠᠩ ᠭᠦᠸᠧ ᠸᠧᠶ᠂ ᠯᠢ ᠸᠧᠶ ᠮᠢᠩ᠂ ᠰᠦᠨ ᠵᠢᠶᠠᠨ ᠸᠧᠨ ᠬᠤᠷᠠᠯ ᠳᠤ ᠣᠷᠣᠯᠴᠠᠵᠠᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 科左后旗人民政府召开2024年第17次.jpg  
   ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠵᠢᠴᠢ ᠴᠢ ᠬᠤᠳᠠ ᠶᠢᠨ ᠳᠠᠷᠤᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠶᠡᠷᠦᠩᠬᠡᠢ ᠱᠠᠭᠠᠷᠳᠠᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠬᠠᠨᠳᠤᠰᠢ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠬᠢᠯᠢ ᠬᠢᠵᠠᠭᠠᠷ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠢ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠪᠠᠷ ᠨᠠᠮ ᠤᠨ ᠲᠥᠪ ᠬᠤᠷᠢᠶᠠᠨ ᠤ ᠬᠢᠯᠢ ᠬᠢᠵᠠᠭᠠᠷ ᠤᠨ ᠵᠠᠰᠠᠯᠲᠠ ᠶᠢᠨ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠡᠦᠬᠡ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠤᠨ ᠬᠠᠮᠠᠭᠠᠯᠠᠯᠲᠠ ᠶᠢᠨ ᠣᠳᠣᠬᠢ ᠪᠠᠶᠢᠳᠠᠯ ᠪᠣᠯᠤᠨ ᠠᠰᠠᠭᠤᠳᠠᠯ ᠤᠨ ᠭᠡᠮ ᠰᠣᠭᠤᠭ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠪᠡᠶᠡᠯᠡᠭᠦᠯᠬᠦ ᠬᠡᠷᠡᠭᠲᠡᠢ᠃ ᠰᠢᠨ᠎ᠡ ᠵᠢᠯ ᠪᠤᠯᠳᠠᠯ᠎ᠠ ᠪᠠᠰᠠ ᠬᠠᠭᠠᠰ ᠰᠠᠷ᠎ᠠ ᠶᠢᠨ ᠬᠤᠭᠤᠴᠠᠭ᠎ᠠ  ᠪᠤᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠂ ᠪᠡᠶᠡᠯᠡᠭᠦᠯᠦᠭᠰᠡᠨ ᠪᠠᠶᠢᠳᠠᠯ ᠢᠶᠠᠨ ᠪᠥᠬᠦ ᠲᠠᠯ᠎ᠠ ᠪᠠᠷ ᠡᠮᠬᠢᠯᠡᠵᠦ᠂ ᠬᠢᠵᠠᠭᠠᠷ ᠲᠠᠢ ᠴᠠᠭ ᠢ ᠵᠠᠪᠳᠤᠨ ᠠᠳᠬᠤᠵᠤ᠂ ᠳᠠᠯᠳᠠ ᠬᠦᠴᠦᠨ ᠢ ᠭᠦᠢᠴᠡᠳ ᠠᠭᠤᠳᠠᠯᠤᠨ᠂ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠶ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠨᠠᠷᠢᠨ ᠬᠢᠨᠠᠮᠠᠭᠠᠢ ᠲᠥᠯᠥᠪᠯᠡᠵᠦ᠃ ᠡᠯ᠎ᠡ ᠳᠡᠳ᠋ ᠬᠤᠰᠢᠭᠤᠨ ᠳᠠᠷᠤᠭ᠎ᠠ ᠲᠦᠷᠦᠭᠦᠯᠡᠨ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠲᠥᠯᠥᠪᠵᠢᠭᠦᠯᠭᠡ ᠶᠢᠨ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠢᠷᠡᠬᠦ ᠵᠢᠯ ᠤᠨ ᠲᠥᠷᠥᠯ ᠵᠦᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ 2025 ᠣᠨ ᠤ ᠭᠤᠤᠯᠳᠠᠯᠭ᠎ᠠ ᠲᠠᠢ ᠠᠵᠢᠯ ᠢ ᠰᠤᠳᠤᠯᠵᠤ᠂ ᠠᠵᠢᠯ ᠤᠨ ᠰᠡᠳᠬᠢᠮᠵᠢ ᠪᠠᠨ ᠲᠣᠳᠣᠷᠬᠠᠶ ᠪᠣᠯᠭᠠᠨ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠪᠣᠳᠠᠲᠠᠶ ᠠᠳᠬᠤᠵᠤ᠂ 2025 ᠣᠨ ᠤ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠬᠤ ᠬᠡᠷᠡᠭᠲᠡᠢ᠃ ᠰᠤᠷᠲᠠᠯ ᠢᠶᠠᠨ ᠬᠤᠪᠢᠷᠠᠭᠤᠯᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠬᠥᠭᠵᠢᠯᠲᠡ ᠶᠢ ᠲᠦᠷᠭᠡᠳᠬᠡᠬᠦ ᠵᠣᠭᠰᠣᠴᠠ ᠶᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠳᠡᠭᠡᠷ᠎ᠡ ᠲᠠᠯᠪᠢᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号