ᠨᠡᠶᠢᠲᠡᠯᠡᠭᠰᠡᠨ ᠴᠠᠭ᠄ 2024/12/13 | | ᠯᠢ ᠴᠢᠶᠠᠩ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ | ᠣᠷᠣᠯᠴᠠᠪᠠ ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 9 ᠤ ᠴᠠᠭᠢᠯᠭᠠᠨ ᠮᠡᠳᠡᠭᠡ 12 ᠰᠠᠷ᠎ᠠ ᠶᠢᠨ | 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠥᠩ ᠨᠠᠨ ᠬᠠᠢ ᠳᠤ ᠨᠠᠮ ᠤᠨ ᠭᠠᠳᠠᠨᠠᠬᠢ | ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠨᠡ ᠵᠢᠯ ᠤᠨ ᠠᠵᠤ ᠠᠬᠤᠢ ᠶᠢᠨ ᠪᠠᠶᠢᠳᠠᠯ ᠪᠠ ᠢᠷᠡᠬᠦ ᠵᠢᠯ ᠤᠨ | ᠠᠵᠤ ᠠᠬᠤᠢ ᠶᠢᠨ ᠠᠵᠢᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ | ᠲᠠᠯᠪᠢᠵᠤ᠂ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ | ᠵᠢᠯ ᠪᠣᠯᠣᠨ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠪᠠ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ | ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ | ᠵᠢᠱᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ | ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ | ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ | ᠣᠷᠣᠯᠴᠠᠪᠠ᠃ ᠯᠢ ᠴᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠶᠢᠳᠠᠯᠭ᠎ᠠ ᠪᠠᠷ ᠡᠨᠡ | ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠢᠷᠡᠬᠦ ᠵᠢᠯ ᠤᠨ ᠠᠵᠤ | ᠠᠬᠤᠢ ᠶᠢᠨ ᠠᠵᠢᠯ ᠤᠨ ᠬᠤᠯᠪᠣᠭᠳᠠᠯ ᠪᠦᠬᠦᠢ ᠪᠣᠳᠣᠯᠬᠢᠯᠠᠯ ᠢ ᠲᠠᠨᠢᠯᠴᠠᠭᠤᠯᠪᠠ᠃ | ᠶᠠᠷᠢᠯᠴᠠᠬᠤ ᠬᠤᠷᠠᠯ ᠳᠡᠭᠡᠷ᠎ᠡ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ | ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ | ᠬᠤᠷᠢᠶ᠎ᠠ ᠶᠢᠨ ᠲᠡᠷᠢᠭᠦᠯᠡᠭᠴᠢ ᠳ᠋ᠢᠩ ᠵᠥᠩ ᠯᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ | ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ | ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ | ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᠲᠤᠮᠳᠠᠳᠤ ᠤᠯᠤᠰ ᠤᠨ ᡁᠢᠭᠦ᠋ᠩᠳᠠᠩ | ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ | ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠶ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ ᠪᠦᠦ ᠰᠢᠨ ᠾᠧ ᠤᠷᠢᠳ ᠬᠤᠵᠢᠳ ᠦᠭᠡ ᠬᠡᠯᠡᠪᠡ᠃ ᠲᠠᠳᠠ ᠣᠳᠣᠬᠠᠨ ᠤ ᠠᠵᠤ ᠠᠬᠤᠢ ᠶᠢᠨ | ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠵᠠᠳᠠᠯᠤᠯᠲᠠ ᠮᠠᠭᠠᠳᠯᠠᠯᠲᠠ ᠪᠠ | ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠥᠭᠡᠳ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠬᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ | ᠳᠡᠭᠡᠭᠰᠢᠯᠡᠭᠦᠯᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢᠨ ᠪᠠᠶᠢᠭᠤᠯᠤᠯᠲᠠ ᠶᠢ | ᠴᠢᠩᠭᠠᠳᠬᠠᠬᠤ᠂ ᠡᠨᠧᠷᠭᠢ ᠶᠢᠨ ᠬᠡᠷᠡᠭᠯᠡᠭᠡᠨ ᠤ ᠰᠢᠨ᠎ᠡ ᠠᠮᠢ ᠠᠬᠤᠢ ᠶᠢ ᠪᠤᠶ ᠪᠤᠯᠭᠠᠬᠤ᠂ ᠤᠯᠤᠰ ᠤᠨ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ ᠨᠡᠮᠡᠭᠳᠡᠭᠰᠡᠨ ᠤᠷ᠎ᠠ ᠮᠡᠷᠭᠡᠵᠢᠯ ᠤᠨ ᠴᠢᠳᠠᠪᠤᠷᠢᠲᠠᠨ ᠤ | ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠵᠡᠷᠭᠡ | ᠲᠠᠯ᠎ᠠ ᠪᠠᠷ ᠰᠠᠨᠠᠯ ᠪᠠ ᠰᠠᠨᠠᠭᠤᠯᠭ᠎ᠠ ᠳᠤᠷᠠᠳᠴᠠᠢ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ᠂ ᠣᠯᠠᠨ ᠢᠶᠠᠷ ᠢᠶᠠᠨ ᠡᠨᠡ ᠵᠢᠯ ᠤᠨ | ᠠᠵᠤ ᠠᠬᠤᠢ ᠶᠢᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠲᠤᠬᠠᠢ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃ ᠪᠢᠳᠠ ᠨᠠᠷᠢᠨ ᠬᠢᠨᠠᠮᠠᠭᠠᠢ ᠰᠤᠳᠤᠯᠤᠨ | ᠰᠢᠩᠭᠡᠭᠡᠵᠦ ᠠᠪᠤᠨ᠎ᠠ ᠭᠡᠵᠦ ᠢᠯᠡᠷᠬᠡᠶᠢᠯᠡᠪᠡ᠃ | ᠰᠢ ᠶᠢᠨ ᠫᠢᠩ᠂ ᠡᠨᠡ ᠵᠢᠯ ᠨᠡᠩ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ | ᠲᠣᠭᠤᠷᠢᠨ ᠤ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠳᠠᠷᠤᠯᠲᠠ ᠶᠢ ᠳᠠᠭᠠᠭᠠᠵᠤ᠂ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠬᠤᠪᠢᠷᠠᠯᠲᠠ ᠶᠢ ᠯᠠᠪᠳᠠᠭᠤᠨ ᠢᠶᠠᠷ ᠠᠷᠭᠠᠴᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ | ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠢᠳᠡᠷᠡᠭᠦᠨ ᠪᠠᠲᠤᠲᠠᠢ | ᠰᠢᠨ᠎ᠡ ᠠᠯᠬᠤᠭ᠎ᠠ ᠶᠢ ᠠᠯᠬᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ | ᠪᠣᠯᠣᠨ ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ︾᠂ ︽ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ︾ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ | ᠪᠠᠶᠢᠴᠠᠭᠠᠨ ᠰᠤᠳᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠳᠤ ᠡᠯ᠎ᠡ ᠲᠦᠷᠦᠯ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠰᠠᠨᠠᠯ | ᠰᠠᠨᠠᠭᠤᠯᠭ᠎ᠠ ᠪᠠᠨ ᠮᠡᠳᠡᠭᠦᠯᠦᠨ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠤ | ᠴᠢᠬᠤᠯᠠ ᠯᠠᠪᠯᠠᠯᠲᠠ ᠬᠠᠩᠭᠠᠪᠠ ᠭᠡᠵᠦ ᠴᠢᠬᠤᠯᠠᠴᠢᠯᠠᠪᠠ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ | | ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠩ ᠲᠡᠷᠢᠭᠦᠨ ᠳᠤ ᠵᠠᠪᠠᠯ ᠢᠯᠠᠬᠤ | ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ | ᠳᠠᠪᠠᠭᠤᠯᠢᠭ ᠤᠯᠠᠨ᠂ ᠤᠶᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ ᠤᠷᠳᠤ ᠬᠤᠭᠤᠴᠠᠭ᠎ᠠ ᠪᠠᠷ ᠰᠠᠶᠢᠵᠢᠷᠠᠬᠤ | ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠶᠤᠮ᠃ ᠪᠢᠳᠡ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠢᠳᠡᠨ ᠳᠤ ᠠᠰᠢᠭᠲᠠᠢ ᠭᠠᠳᠠᠭᠠᠳᠤ ᠣᠷᠴᠢᠨ ᠢ | ᠰᠠᠨᠠᠭᠠᠴᠢᠯᠠᠭ᠎ᠠ ᠠᠴᠠ ᠪᠠᠨ ᠪᠤᠢ ᠪᠤᠯᠭᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ | ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠪᠦᠭᠦ ᠨᠠᠮ ᠪᠦᠭᠦ | ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠬᠡᠷᠡᠭᠲᠡᠢ᠃ ᠣᠳᠣᠬᠠᠨ ᠳᠤ ᠮᠠᠨ ᠤ | ᠤᠯᠤᠰ ᠤᠨ ᠬᠥᠭᠵᠢᠯᠲᠡ ᠳᠤ ᠮᠠᠰᠢ ᠤᠯᠠᠨ ᠲᠣᠬᠲᠠᠭᠠᠯᠲᠤ ᠪᠤᠰᠤ ᠴᠢᠨᠠᠷ ᠪᠠ ᠰᠢᠯᠭᠠᠯᠲᠠ ᠲᠤᠯᠭᠠᠷᠠᠵᠤ ᠪᠠᠶᠢᠨ᠎ᠠ᠂ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠬᠦᠴᠢᠷ ᠪᠡᠷᠬᠡᠰᠢᠶᠡᠯ | ᠥᠷᠢᠰᠦᠯᠳᠦᠭᠡᠨ ᠵᠢᠯ ᠵᠢᠯ ᠪᠠᠶᠢᠨ᠎ᠠ᠂ ᠪᠢᠳᠡ ᠰᠠᠯᠬᠢ ᠪᠣᠷᠣᠭᠠᠨ ᠤ ᠳᠤᠮᠳᠠ ᠳᠠᠪᠲᠠᠭᠳᠠᠨ ᠬᠥᠭᠵᠢᠵᠦ᠂ ᠤᠯᠠᠨ ᠤᠳᠠᠭᠠᠨ ᠤ | ᠰᠢᠯᠭᠠᠯᠲᠠ ᠶᠢᠨ ᠳᠤᠮᠳᠠ ᠬᠥᠭᠵᠢᠨ ᠪᠤᠵᠠᠭᠠᠶᠢᠷᠠᠭᠰᠠᠨ ᠶᠤᠮ᠃ ᠠᠵᠢᠯ ᠤᠨ ᠪᠡᠯᠡᠳᠬᠡᠯ ᠢ ᠭᠦᠢᠴᠡᠳ ᠰᠠᠶᠢᠲᠤᠷ ᠬᠢᠵᠦ᠂ | ᠴᠥᠬᠦᠷᠡᠰᠢ ᠦᠭᠡᠢ ᠴᠢᠷᠮᠠᠶᠢᠵᠤ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠴᠠᠢ᠃ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠪᠣᠯᠣᠨ ᠵᠠᠰᠠᠭ ᠤᠨ | ᠣᠷᠳᠣᠨ ᠢ ᠬᠠᠮᠵᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ᠂ ᠪᠦᠭᠦ | ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠨᠠᠮ ᠪᠠ ᠤᠯᠤᠰ ᠤᠨ ᠠᠵᠢᠯ ᠤᠨ ᠪᠦᠭᠦ ᠲᠠᠯ᠎ᠠ ᠳᠤᠮᠳᠠ ᠤᠬᠠᠮᠰᠠᠷ | ᠠᠴᠠ ᠪᠠᠨ ᠲᠦᠷᠦ ᠶᠢᠨ ᠶᠠᠪᠤᠳᠠᠯ ᠳᠤ ᠣᠷᠤᠯᠴᠠᠬᠤ ᠨᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ | ᠨᠢᠭᠡᠳᠦᠮᠡᠯ ᠹᠷᠣᠨᠲ ᠤᠨ ᠥᠪᠡᠷᠮᠢᠴᠡ ᠤᠨᠴᠠᠭᠠᠢ ᠳᠠᠪᠠᠭᠤᠯᠢᠭ ᠢ ᠪᠠᠳᠠᠷᠠᠭᠤᠯᠵᠤ᠂ ᠨᠠᠮ ᠪᠠ ᠵᠠᠰᠠᠭ ᠤᠨ ᠣᠷᠳᠣᠨ ᠢ ᠬᠠᠮᠵᠢᠨ | ᠲᠥᠷᠥ ᠶᠢᠨ ᠪᠣᠳᠣᠯᠭ᠎ᠠ ᠶᠢ ᠤᠬᠠᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ ᠵᠥᠷᠢᠴᠡᠯ ᠢ ᠠᠷᠢᠯᠭᠠᠵᠤ᠂ ᠥᠷᠭᠡᠨ | ᠣᠯᠠᠨ ᠪᠦᠷᠢᠯᠳᠦᠭᠦᠨ ᠵᠢᠴᠢ ᠬᠠᠷᠢᠯᠴᠠᠵᠤ ᠪᠠᠶᠢᠭ᠎ᠠ ᠣᠯᠠᠨ ᠲᠦᠮᠡᠨ ᠢ ᠠᠵᠤ ᠠᠬᠤᠢ ᠶᠢᠨ ᠪᠠᠶᠢᠳᠠᠯ᠂ ᠬᠥᠭᠵᠢᠯᠲᠡ ᠶᠢᠨ | ᠶᠡᠷᠦᠩᠬᠡᠢ ᠬᠠᠨᠳᠤᠰᠢ ᠳᠤ ᠪᠦᠭᠦ ᠲᠠᠯ᠎ᠠ ᠪᠠᠷ ᠬᠤᠪᠢᠰᠤᠩᠭᠤᠢ ᠪᠠᠷ ᠬᠠᠨᠳᠤᠬᠤ ᠶᠢ ᠬᠥᠲᠥᠯᠥᠨ ᠵᠢᠯᠤᠭᠤᠳᠴᠤ᠂ ᠭᠤᠣᠯ | ᠭᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ | ᠬᠤᠶᠠᠷ ᠲᠤ᠂ ᠴᠢᠳᠠᠪᠤᠷᠢᠲᠠᠨ ᠴᠤᠭᠯᠠᠷᠠᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ ᠤᠬᠠᠭᠠᠨ | ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠤᠯᠪᠣᠭᠳᠠᠬᠤ | ᠵᠠᠩᠭᠢᠯᠠᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠵᠤ᠂ ᠪᠠᠷᠠᠯᠠᠯᠳᠤ ᠴᠢᠨᠠᠷ ᠲᠠᠢ ᠪᠠ ᠬᠡᠷᠡᠭᠵᠢᠭᠦᠯᠵᠦ ᠪᠣᠯᠬᠤᠶᠢᠴᠠ | ᠴᠢᠨᠠᠷ ᠲᠠᠢ ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠢᠨᠵᠢ ᠴᠢᠨᠠᠷ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠶᠢ | ᠴᠢᠩᠭᠠᠳᠬᠠᠵᠤ᠂ ᠤᠯᠤᠰ ᠤᠨ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠢ᠃ | | ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠳᠤ ᠣᠷᠣᠯᠴᠠᠨ | ᠲᠦᠷᠦ ᠶᠢᠨ ᠬᠡᠷᠡᠭ ᠢ ᠵᠥᠪᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠤᠳᠤᠷᠢᠳᠬᠤ ᠪᠠᠭ | ᠪᠠ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠩᠭ᠎ᠠ ᠱᠠᠭᠠᠷᠳᠠᠨ᠂ ᠴᠢᠩᠭ᠎ᠠ ᠬᠢᠵᠠᠭᠠᠷᠯᠠᠵᠤ᠂ ᠴᠢᠩᠭ᠎ᠠ | ᠬᠢᠨᠠᠯᠲᠠ ᠲᠠᠯᠪᠢᠵᠤ᠂ ᠢᠯᠵᠢᠷᠡᠯ ᠤᠨ ᠦᠢᠯᠡ ᠠᠵᠢᠯᠯᠠᠭ᠎ᠠ ᠶᠢ ᠢᠯᠡᠷᠡᠭᠦᠯᠪᠡᠯ ᠤᠬᠳᠤ ᠠᠭᠤᠴᠢᠯᠠᠬᠤ ᠦᠭᠡᠢ ᠴᠢᠩᠭ᠎ᠠ | ᠰᠢᠢᠳᠬᠡᠬᠦ ᠬᠡᠷᠡᠭᠲᠡᠢ᠃ ᠣᠨᠣᠯ ᠢᠶᠠᠷ ᠵᠡᠪᠰᠡᠭᠯᠡᠬᠦ ᠪᠠ ᠮᠡᠳᠡᠯᠭᠡ ᠪᠠᠨ ᠰᠢᠨᠡᠳᠬᠡᠬᠦ ᠶᠢ ᠴᠢᠩᠭᠠᠳᠬᠠᠵᠤ᠂ ᠦᠢᠯᠡᠳᠦᠯᠭᠡ | ᠪᠣᠯᠪᠠᠰᠤᠷᠠᠯ ᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠷᠳᠡᠮ ᠴᠢᠳᠠᠪᠤᠷᠢ ᠪᠠ ᠲᠥᠷᠥ ᠶᠢᠨ | ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ | ᠬᠡᠷᠡᠭᠲᠡᠢ᠃ | ᠱᠢ ᠲᠠᠢ ᠹᠧᠩ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ ᠴᠢᠩ᠂ ᠦ᠋ ᠵᠧᠩ ᠯᠦᠩ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ | ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠠᠨ ᠯᠢ ᠵᠢᠶᠠ᠂ | ᠲᠢᠶᠠᠨ ᠰᠢᠤᠸᠠᠨ ᠨᠠᠷ ᠪᠤᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |