ᠰᠢ ᠶᠢᠨ ᠫᠢᠩ ᠮᠠᠦ᠋ᠷᠢᠲ᠋ᠢᠦ᠋ᠰ ᠤᠨ ᠰᠢᠨ᠎ᠡ ᠪᠠᠷ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠭᠸᠺᠦ᠋ᠯ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/12/17
                         ᠨᠡᠶᠢᠲᠡᠯᠡᠭᠰᠡᠨ ᠴᠠᠭ᠄ 2024/12/1      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 11 ᠤ ᠴᠠᠭᠢᠯᠭᠠᠨ ᠮᠡᠳᠡᠭᠡ   12 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠭᠸᠺᠦ᠋ᠯ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ         ᠨᠠᠶᠢᠷᠠᠮᠳᠠᠬᠤ ᠮᠠᠦ᠋ᠷᠢᠲ᠋ᠢᠦ᠋ᠰ  ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ  ᠭᠠᠷᠤᠭᠰᠠᠨ ᠳᠤ ᠪᠠᠶᠠᠷ ᠬᠦᠷᠭᠡᠪᠡ᠃            ᠰᠢ ᠶᠢᠨ ᠫᠢᠩ᠂ ᠮᠠᠦ᠋ᠷᠢᠲ᠋ᠢᠦ᠋ᠰ ᠪᠣᠯ ᠳᠤᠮᠳᠠᠳᠤ ᠤᠯᠤᠰ ᠤᠨ ᠠᠹᠷᠢᠺᠠ ᠲᠢᠪ ᠲᠠᠬᠢ ᠴᠢᠬᠤᠯᠠ ᠬᠠᠨᠢᠲᠠᠨ ᠮᠥᠨ᠃ ᠬᠤᠶᠠᠷ ᠲᠠᠯ᠎ᠠ ᠶᠢᠨ ᠬᠠᠮᠲᠤ ᠶᠢᠨ  ᠴᠢᠷᠮᠠᠶᠢᠯᠭ᠎ᠠ ᠪᠠᠷ ᠬᠤᠶᠠᠷ ᠤᠯᠤᠰ ᠤᠨ ᠬᠠᠷᠢᠯᠴᠠᠭ᠎ᠠ ᠨᠢᠭᠡᠨᠲᠡ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠵᠤ ᠳᠡᠭᠡᠭᠰᠢᠯᠡᠪᠡ᠃ ᠰᠢᠨ᠎ᠡ ᠪᠠᠶᠢᠳᠠᠯ ᠳᠣᠣᠷ᠎ᠠ᠂ ᠬᠤᠶᠠᠷ  ᠤᠯᠤᠰ ᠲᠤᠰ ᠲᠤᠰ ᠤᠨ ᠤᠯᠤᠰ ᠤᠨ ᠢᠶᠠᠨ ᠬᠥᠭᠵᠢᠯ ᠮᠠᠨᠳᠤᠯ ᠢ ᠪᠡᠶᠡᠯᠡᠭᠦᠯᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ  ᠶᠣᠰᠣ ᠶᠢ ᠬᠠᠮᠠᠭᠠᠯᠠᠬᠤ ᠲᠠᠯ᠎ᠠ ᠪᠠᠷ ᠠᠳᠠᠯᠢᠬᠠᠨ ᠬᠠᠷᠢᠭᠤᠴᠠᠯᠭ᠎ᠠ ᠲᠠᠢ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂  ᠢᠷᠡᠭᠡᠳᠦᠢ ᠰᠠᠶᠢᠨ ᠰᠠᠶᠢᠬᠠᠨ ᠪᠠᠶᠢᠨ᠎ᠠ᠃ ᠪᠢ ᠳᠤᠮᠳᠠᠳᠤ ᠮᠠᠦ᠋ᠷᠢᠲ᠋ᠢᠦ᠋ᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂  ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ  ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠴᠢᠬᠤᠯᠠ ᠭᠠᠷᠳᠠᠴᠠ ᠪᠤᠯᠭᠠᠵᠤ᠂ ᠬᠤᠶᠠᠷ ᠲᠠᠯ᠎ᠠ ᠶᠢᠨ ᠤᠯᠤᠰ ᠲᠦᠷᠦ ᠶᠢᠨ  ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ  ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ       ᠭᠠᠷᠭᠠᠪᠠ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ    
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号