ᠰᠢ ᠶᠢᠨ ᠫᠢᠩ ᠭᠠᠨᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠮᠠᠬᠠᠮᠠ ᠳᠤ ᠪᠠᠶᠠᠷ ‍ᠤᠨ‌‍ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/12/17
                       ᠨᠡᠶᠢᠲᠡᠯᠡᠭᠰᠡᠨ ᠴᠠᠭ᠄ 2024/12/13      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 11 ᠤ ᠴᠠᠭᠢᠯᠭᠠᠨ       ᠮᠡᠳᠡᠭᠡ   12 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠶᠤᠬᠠᠨ · ᠳ᠋ᠧᠯᠠᠮᠠᠨᠢ · ᠮᠠᠬᠠᠮᠠ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠨᠠ ᠤᠯᠤᠰ ᠤᠨ ᠶᠡᠷᠦᠩᠬᠡᠶᠢᠯᠡᠭᠴᠢ ᠪᠠᠷ  ᠰᠣᠩᠭᠤᠭᠳᠠᠭᠰᠠᠨ       ᠳᠤ    ᠪᠠᠶᠠᠷ ᠬᠦᠷᠭᠡᠪᠡ᠃           ᠰᠢ ᠶᠢᠨ ᠫᠢᠩ᠂ ᠭᠠᠨᠠ ᠪᠣᠯ ᠰᠠᠬᠠᠷᠠ ᠠᠴᠠ ᠡᠮᠦᠨᠡᠰᠢᠬᠢ ᠠᠹᠷᠢᠺᠠ ᠲᠢᠪ ᠤᠨ ᠬᠠᠮᠤᠭ ᠤᠨ ᠡᠷᠲᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ  ᠤᠯᠤᠰ ᠤᠨ ᠨᠢᠭᠡ ᠪᠣᠯᠣᠨ᠎ᠠ᠂ ᠪᠠᠰᠠ ᠴᠤ ᠳᠤᠮᠳᠠᠳᠤ ᠤᠯᠤᠰ ᠤᠨ ᠠᠹᠷᠢᠺᠠ ᠲᠢᠪ ᠲᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠂ ᠳᠤᠮᠳᠠᠳᠤ  ᠭᠠᠨᠠ ᠶᠢᠨ ᠨᠥᠬᠦᠷᠯᠡᠯ ᠥᠨᠢ ᠤᠳᠠᠭᠠᠨ ᠤᠯᠠᠮᠵᠢᠯᠠᠯ ᠲᠠᠢ᠂ ᠶᠠᠪᠤᠬᠤ ᠲᠤᠳᠤᠮ ᠪᠠᠬᠢᠵᠢᠵᠦ ᠪᠠᠶᠢᠨ᠎ᠠ᠃ ᠣᠶᠢᠷ᠎ᠠ ᠶᠢᠨ ᠵᠢᠯ ᠠᠴᠠ ᠬᠤᠶᠠᠷ ᠤᠯᠤᠰ ᠤᠨ  ᠬᠠᠷᠢᠯᠴᠠᠭᠠᠨ ᠤ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ  ᠣᠯᠪᠠ᠃ ᠪᠢ ᠳᠤᠮᠳᠠᠳᠤ ᠭᠠᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ  ᠰᠣᠩᠭᠤᠭᠳᠠᠭᠰᠠᠨ ᠮᠠᠬᠠᠮᠠ ᠲᠠᠢ ᠬᠠᠮᠲᠤ ᠪᠠᠷ ᠴᠢᠷᠮᠠᠶᠢᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ  ᠭᠦᠨᠵᠡᠭᠡᠶᠢᠷᠡᠭᠦᠯᠵᠦ᠂ ᠳᠤᠮᠳᠠᠳᠤ ᠭᠠᠨᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂  ᠬᠤᠶᠠᠷ ᠤᠯᠤᠰ ᠤᠨ ᠠᠷᠠᠳ ᠲᠦᠮᠡᠨ ᠳᠤ ᠨᠡᠩ     ᠤᠯᠠᠨ   ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号