ᠨᠡᠶᠢᠲᠡᠯᠡᠭᠰᠡᠨ ᠴᠠᠭ᠄ 2024/12/13 | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ 12 ᠰᠠᠷ᠎ᠠ ᠶᠢᠨ 11 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ | ᠵᠥᠪᠯᠡᠯ ᠤᠨ 2024 ᠣᠨ ᠤ ᠪᠠᠶᠠᠷ ᠤᠨ ᠶᠣᠰᠣᠯᠠᠯ ᠤᠨ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ ᠢᠯᠡᠭᠡᠵᠦ᠂ | ᠵᠥᠪᠯᠡᠯ ᠵᠢᠴᠢ ᠪᠦᠭᠦ ᠪᠦᠷᠢᠯᠳᠦᠭᠦᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠳᠤᠮᠳᠠᠳᠤ ᠠᠮᠧᠷᠢᠺᠠ ᠶᠢᠨ ᠠᠵᠤ | ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠣᠷᠳᠣ ᠬᠤᠭᠤᠴᠠᠭ᠎ᠠ ᠪᠠᠷ ᠬᠠᠯᠠᠮᠵᠢᠯᠠᠨ ᠳᠡᠮᠵᠢᠵᠦ ᠢᠷᠡᠭᠰᠡᠨ ᠠᠮᠧᠷᠢᠺᠠ ᠶᠢᠨ | ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠣᠨ᠎ᠠ᠂ ᠬᠤᠶᠠᠷ ᠤᠯᠤᠰ ᠤᠨ ᠠᠷᠠᠳ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠲᠠᠢ ᠬᠤᠯᠪᠣᠭᠳᠠᠬᠤ ᠮᠥᠷᠲᠡᠭᠡᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠴᠤ ᠬᠤᠯᠪᠣᠭᠳᠠᠨ᠎ᠠ᠃ | ᠳᠤᠮᠳᠠᠳᠤ ᠠᠮᠧᠷᠢᠺᠠ ᠬᠠᠮᠲᠤᠷᠠᠯᠴᠠᠪᠠᠯ ᠬᠤᠶᠠᠭᠤᠯᠠ ᠳᠤ ᠠᠰᠢᠭᠲᠠᠢ᠂ ᠲᠡᠮᠡᠴᠡᠯᠳᠦᠪᠡᠯ ᠴᠥᠮ ᠬᠤᠬᠢᠷᠠᠨᠠ᠂ ᠶᠠᠷᠢᠯᠴᠠᠭ᠎ᠠ | ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠥᠷᠨᠢᠭᠦᠯᠬᠦ ᠠᠴᠠ ᠪᠢᠰᠢ ᠦᠯᠦ | ᠡᠪᠰᠡᠬᠦ ᠦᠵᠡᠯᠴᠡᠭᠡᠨ ᠬᠢᠬᠦ ᠦᠭᠡᠢ ᠪᠠᠶᠢᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠯᠤᠭ᠎ᠠ | ᠣᠯᠣᠯᠴᠠᠭ᠎ᠠ ᠪᠠᠨ ᠪᠠᠲᠤᠯᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ | ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠦᠷᠭᠦᠯᠵᠢᠯᠡᠨ ᠰᠦᠪᠡᠭᠴᠢᠯᠡᠵᠦ᠂ | ᠳᠤᠮᠳᠠᠳᠤ ᠠᠮᠧᠷᠢᠺᠠ ᠬᠤᠶᠠᠷ ᠤᠯᠤᠰ ᠡᠨᠡ ᠬᠦ ᠪᠥᠮᠪᠥᠷᠴᠡᠭ ᠳᠡᠭᠡᠷ᠎ᠡ ᠤᠷᠳᠤ ᠬᠤᠭᠤᠴᠠᠭ᠎ᠠ ᠪᠠᠷ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠶᠢ ᠪᠡᠶᠡᠯᠡᠭᠦᠯᠵᠦ᠂ ᠬᠤᠶᠠᠷ ᠤᠯᠤᠰ ᠲᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠨ᠎ᠡ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠪᠣᠯ ᠬᠤᠶᠠᠷ ᠤᠯᠤᠰ ᠤᠨ | ᠬᠠᠷᠢᠯᠴᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠬᠤᠶᠠᠷ ᠤᠯᠤᠰ ᠤᠨ ᠠᠰᠢᠭ ᠲᠤᠰᠠ ᠭᠦᠨᠵᠡᠭᠡᠢ | ᠠᠭᠤᠰᠤᠯᠴᠠᠵᠤ᠂ ᠬᠠᠮᠲᠤᠷᠠᠯᠴᠠᠭᠠᠨ ᠤ ᠣᠷᠣᠨ ᠵᠠᠢ ᠬᠢᠵᠠᠭᠠᠷ ᠦᠭᠡᠢ ᠥᠷᠭᠡᠨ ᠳᠡᠯᠭᠡᠷ ᠶᠤᠮ᠃ ᠬᠤᠶᠠᠷ ᠲᠠᠯ᠎ᠠ ᠪᠠᠷ ᠢᠶᠠᠨ | ᠡᠷᠬᠡ ᠲᠡᠭᠰᠢ ᠪᠠᠷ ᠵᠥᠪᠳᠡᠯᠴᠡᠬᠦ ᠪᠠᠷ ᠲᠠᠮᠵᠢᠨ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠬᠠᠷᠢᠯᠴᠠᠨ | ᠨᠥᠬᠦᠪᠦᠷᠢᠯᠡᠬᠦ ᠳᠠᠪᠠᠭᠤᠯᠢᠭ ᠢᠶᠠᠨ ᠪᠠᠳᠠᠷᠠᠭᠤᠯᠵᠤ ᠬᠠᠮᠲᠤᠷᠠᠯᠴᠠᠬᠤ ᠬᠠᠮᠲᠤ ᠶᠢᠨ ᠠᠰᠢᠭ ᠲᠤᠰᠠ ᠪᠠᠨ ᠪᠤᠵᠠᠭᠠᠶᠢᠷᠠᠭᠤᠯᠵᠤ᠂ | ᠲᠤᠰ ᠲᠤᠰ ᠤᠨ ᠠᠮᠵᠢᠯᠲᠠ ᠪᠠᠨ ᠲᠤᠰ ᠲᠤᠰ ᠤᠨ ᠢᠶᠠᠨ ᠠᠵᠠ ᠲᠣᠭᠢᠶᠠᠯ ᠪᠤᠯᠭᠠᠬᠤ ᠠᠴᠠ ᠪᠢᠰᠢ ᠬᠠᠷᠢᠨ ᠥᠷᠢᠰᠦᠯᠳᠦᠭᠡᠨ | ᠪᠤᠯᠭᠠᠬᠤ ᠪᠢᠰᠢ᠂ ᠬᠤᠶᠠᠷ ᠲᠠᠯ᠎ᠠ ᠶᠢᠨ ᠬᠥᠭᠵᠢᠯᠲᠡ ᠪᠠᠨ ᠬᠠᠷᠢᠯᠴᠠᠨ ᠳᠡᠮᠵᠢᠯᠴᠡᠬᠦ ᠬᠦᠴᠦᠨ ᠪᠤᠯᠭᠠᠬᠤ ᠠᠴᠠ ᠪᠢᠰᠢ | ᠬᠠᠷᠢᠨ ᠬᠠᠷᠰᠢ ᠰᠠᠭᠠᠳ ᠪᠤᠯᠭᠠᠬᠤ ᠦᠭᠡᠢ ᠪᠠᠶᠢᠪᠠᠯ ᠵᠣᠬᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠭᠡᠭᠡᠯᠲᠡ ᠬᠢᠬᠦ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢᠨ ᠴᠢᠬᠤᠯᠠ ᠬᠥᠳᠡᠯᠭᠡᠬᠦ | ᠬᠦᠴᠦᠨ ᠮᠥᠨ᠂ ᠡᠯ᠎ᠡ ᠤᠯᠤᠰ ᠤᠨ ᠬᠥᠭᠵᠢᠯ ᠴᠡᠴᠡᠭᠯᠡᠯ ᠤᠨ ᠵᠠᠶᠢᠯᠠᠰᠢ ᠦᠭᠡᠢ ᠵᠠᠮ ᠮᠥᠨ᠃ ᠥᠭᠡᠷᠡᠴᠢᠯᠡᠯᠲᠡ | ᠨᠡᠭᠡᠭᠡᠯᠲᠡ ᠪᠣᠯ ᠳᠤᠮᠳᠠᠳᠤ ᠤᠯᠤᠰ ᠪᠣᠯᠣᠨ ᠳᠡᠯᠡᠬᠡᠢ ᠶᠢᠨ ᠬᠠᠮᠲᠤ ᠶᠢᠨ ᠬᠥᠭᠵᠢᠯᠲᠡ ᠲᠠᠪᠰᠢᠯᠳᠠ ᠶᠢᠨ ᠲᠡᠦᠬᠡᠨ ᠠᠬᠢᠴᠠ | ᠮᠥᠨ᠃ ᠬᠡᠳᠦᠨ ᠰᠠᠷ᠎ᠠ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ | ᠦᠨᠳᠦᠰᠦᠨ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠠᠮᠧᠷᠢᠺᠠ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ | ᠤᠯᠤᠰ ᠤᠨ ᠠᠵᠤ ᠠᠬᠤᠶᠢᠯᠠᠯ ᠳᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠨ ᠥᠭᠴᠦ᠂ ᠠᠷᠠᠯᠵᠢᠶ᠎ᠠ ᠪᠡᠯᠡ | ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠭᠢᠶᠠᠯ | ᠬᠠᠩᠭᠠᠨ᠎ᠠ᠃ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠪᠣᠯᠣᠨ ᠡᠯ᠎ᠡ ᠡᠲᠡᠭᠡᠳ ᠤᠨ ᠨᠠᠶᠢᠵᠠ | ᠨᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ | ᠬᠠᠮᠲᠤᠷᠠᠯᠴᠠᠭ᠎ᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ | ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ | ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠲᠤᠰ ᠡᠳᠦᠷ᠂ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠪᠠᠰᠠ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ | ᠤᠯᠤᠰ ᠤᠨ ᠵᠥᠪᠯᠡᠯ ᠤᠨ 2024 ᠣᠨ ᠤ ᠪᠠᠶᠠᠷ ᠤᠨ ᠶᠣᠰᠣᠯᠠᠯ ᠤᠨ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ | ᠢᠯᠡᠭᠡᠪᠡ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | | |