ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠱᠧᠨᠵᠧᠨ ᠤ ᠪᠦᠦ ᠠᠨ ᠲᠣᠭᠤᠷᠢᠭ ᠤᠨ ᠵᠠᠮ ᠤᠨ  ᠭᠠᠳᠠᠷᠭᠤ ᠶᠢᠨ ᠴᠥᠮᠥᠷᠡᠭᠰᠡᠨ ᠠᠳᠡᠯ ᠢ ᠰᠢᠢᠳᠪᠦᠷᠢᠯᠡᠬᠦ ᠶᠢ ᠨᠡᠷ᠎ᠡ ᠵᠢᠭᠠᠵᠤ ᠰᠢᠮᠳᠠᠭᠤᠯᠪᠠ
ᠨᠡᠶᠢᠲᠡᠯᠡᠭᠰᠡᠨ ᠴᠠᠭ᠄
2024/12/17
                       ᠨᠡᠶᠢᠲᠡᠯᠡᠭᠰᠡᠨ ᠴᠠᠭ᠄ 2024/12/13       ᠰᠤᠷᠪᠤᠯᠵᠢᠯᠠᠭᠴᠢ 11 ᠤ ᠡᠳᠦᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ  ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠭᠤᠸᠠᠩᠳᠦ᠋ᠩ ᠮᠤᠵᠢ ᠶᠢᠨ ᠱᠧᠨᠵᠧᠨ ᠬᠤᠲᠠ ᠶᠢᠨ ᠪᠦᠦ ᠠᠨ ᠲᠣᠭᠤᠷᠢᠭ ᠤᠨ ᠨᠢᠭᠡᠨ  ᠪᠠᠷᠢᠯᠭ᠎ᠠ ᠶᠢᠨ ᠭᠠᠵᠠᠷ ᠲᠠᠬᠢ ᠵᠠᠮ ᠤᠨ ᠭᠠᠳᠠᠷᠭᠤ ᠶᠢᠨ ᠴᠦᠮᠦᠷᠡᠭᠰᠡᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠨᠡᠷ᠎ᠡ ᠵᠢᠭᠠᠵᠤ ᠰᠢᠮᠳᠠᠭᠤᠯᠬᠤ ᠪᠠᠷ     ᠲᠣᠭᠲᠠᠪᠠ᠃          ᠣᠶᠢᠯᠠᠭᠠᠭᠰᠠᠨ ᠢᠶᠠᠷ᠂ 2024 ᠣᠨ ᠤ 12 ᠳ᠋ᠤᠭᠠᠷ ᠰᠠᠷ᠎ᠠ ᠶᠢᠨ 4 ᠤ ᠡᠳᠦᠷ᠂ ᠭᠤᠸᠠᠩᠳᠦ᠋ᠩ ᠮᠤᠵᠢ ᠶᠢᠨ ᠱᠧᠨᠵᠧᠨ ᠬᠤᠲᠠ ᠶᠢᠨ ᠪᠦᠦ ᠠᠨ  ᠲᠣᠭᠤᠷᠢᠭ ᠤᠨ ᠬᠠᠩ ᠴᠧᠩ ᠵᠡᠭᠡᠯᠢ ᠭᠤᠳᠤᠮᠵᠢ ᠶᠢᠨ ᠱᠧᠨ ᠵᠢᠶᠠᠩ ᠲᠡᠮᠦᠷ ᠵᠠᠮ ᠤᠨ 5 ᠳ᠋ᠤᠭᠠᠷ ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠲᠤᠬᠠᠢ ᠶᠢᠨ  ᠲᠠᠯᠠᠪᠤᠷ ᠲᠤ ᠵᠠᠮ ᠤᠨ ᠭᠠᠳᠠᠷᠭᠤ ᠴᠦᠮᠦᠷᠡᠭᠰᠡᠨ ᠬᠦᠨᠳᠦ ᠶᠡᠭᠡ ᠠᠳᠡᠯ ᠭᠠᠷᠴᠤ᠂ ᠣᠲᠣ ᠨᠢᠭᠡᠨᠲᠡ 13 ᠬᠥᠮᠥᠨ ᠯᠦᠭᠡ ᠰᠤᠷᠠᠭ ᠴᠢᠮᠡᠭᠡ ᠲᠠᠰᠤᠷᠠᠭᠠᠳ   ᠪᠠᠶᠢᠨ᠎ᠠ᠃          ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠡᠨᠡ ᠬᠦ ᠬᠦᠨᠳᠦ ᠶᠡᠭᠡ ᠠᠳᠡᠯ ᠢ ᠪᠠᠶᠢᠴᠠᠭᠠᠨ  ᠰᠢᠢᠳᠪᠦᠷᠢᠯᠡᠬᠦ ᠶᠢ ᠨᠡᠷ᠎ᠡ ᠵᠢᠭᠠᠨ ᠰᠢᠮᠳᠠᠭᠤᠯᠵᠤ ᠭᠦᠢᠴᠡᠳᠬᠡᠨ ᠬᠡᠷᠡᠭᠵᠢᠭᠦᠯᠬᠦ ᠪᠠᠷ ᠲᠣᠭᠲᠠᠭᠰᠠᠨ ᠪᠥᠭᠡᠳ ᠭᠤᠸᠠᠩᠳᠦ᠋ᠩ ᠮᠤᠵᠢ ᠶᠢ ︽ᠦᠢᠯᠡᠳᠪᠦᠷᠢᠯᠡᠯ ᠤᠨ ᠠᠮᠤᠷ  ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ  ᠲᠣᠭᠲᠠᠭᠠᠯ ᠳᠦᠷᠢᠮ ᠤᠨ ᠶᠣᠰᠣᠭᠠᠷ᠂ ᠠᠳᠡᠯ ᠤᠨ ᠪᠠᠶᠢᠴᠠᠭᠠᠯᠲᠠ ᠶᠢ ᠱᠠᠯᠠᠪᠳᠠᠨ ᠵᠣᠬᠢᠶᠠᠨ ᠪᠠᠶᠢᠭᠤᠯᠤᠨ ᠥᠷᠨᠢᠭᠦᠯᠵᠦ᠂ ᠠᠳᠡᠯ ᠤᠨ ᠰᠢᠯᠲᠠᠭᠠᠨ ᠢ ᠦᠳᠲᠡᠷ  ᠲᠦᠷᠭᠡᠨ ᠪᠠᠶᠢᠴᠠᠭᠠᠨ ᠲᠣᠳᠣᠷᠬᠠᠶᠢᠯᠠᠵᠤ᠂ ᠠᠳᠡᠯ ᠢ ᠪᠠᠶᠢᠴᠠᠭᠠᠬᠤ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠢᠢᠳᠪᠦᠷᠢᠯᠡᠬᠦ ᠰᠠᠨᠠᠯ ᠢᠶᠠᠨ ᠰᠤᠳᠤᠯᠤᠨ  ᠳᠤᠷᠠᠳᠬᠤ ᠬᠡᠷᠡᠭᠲᠡᠢ᠃ ᠠᠳᠡᠯ ᠢ ᠪᠠᠶᠢᠴᠠᠭᠠᠵᠤ ᠳᠠᠭᠤᠰᠬᠤ ᠠᠴᠠ ᠡᠮᠦᠨ᠎ᠡ᠂ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ︵ᠲᠣᠭᠲᠠᠭᠠᠳᠤᠢ ᠨᠣᠣᠷᠠᠭ︶ ᠶᠢ  ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠵᠦ ᠬᠢᠨᠠᠨ ᠬᠠᠷᠭᠤᠭᠤᠯᠵᠤ  ᠵᠥᠪᠰᠢᠶᠡᠷᠡᠭᠦᠯᠦᠭᠰᠡᠨ ᠤ ᠳᠠᠷᠠᠭ᠎ᠠ᠂ ᠭᠤᠸᠠᠩᠳᠦ᠋ᠩ ᠮᠤᠵᠢ ᠠᠴᠠ ᠬᠠᠷᠢᠭᠤᠴᠠᠵᠤ ᠪᠠᠶᠢᠭᠠᠳ ᠬᠡᠷᠡᠭ ᠢ ᠴᠣᠬᠤᠯᠠᠪᠤᠷᠢᠯᠠᠨ ᠳᠠᠭᠤᠰᠬᠠᠬᠤ ᠶᠢᠨ ᠬᠠᠮᠲᠤ ᠨᠡᠶᠢᠭᠡᠮ ᠳᠤ  ᠢᠯᠡ ᠨᠡᠶᠢᠲᠡᠯᠡᠬᠦ ᠬᠡᠷᠡᠭᠲᠡᠢ᠃ ᠬᠡᠷᠡᠭ ᠢ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠ ᠠᠳᠡᠯ ᠰᠢᠢᠳᠪᠦᠷᠢᠯᠡᠬᠦ  ᠲᠣᠭᠲᠠᠭᠠᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ  ᠵᠥᠪᠯᠡᠯ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ    ᠭᠡᠵᠦ ᠱᠠᠭᠠᠷᠳᠠᠪᠠ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号