ᠨᠡᠪᠲᠡᠷᠡᠯᠴᠡᠨ ᠤᠬᠠᠭᠤᠯᠵᠤ ᠬᠥᠲᠥᠯᠥᠨ ᠵᠢᠯᠣᠭᠤᠳᠬᠤ ᠲᠠᠯ᠎ᠠ ᠪᠠᠷ ᠬᠦᠴᠦᠯᠡᠪᠡ ᠃ ᠪᠥᠬᠦ ᠬᠤᠰᠢᠭᠤᠨ ᠤ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢ ᠴᠢᠬᠤᠯᠠᠴᠢᠯᠠᠨ ᠦᠵᠡᠬᠦ ᠶᠢ ᠬᠥᠲᠥᠯᠦᠨ ᠵᠢᠯᠣᠭᠤᠳᠴᠤ ᠂ | ᠥᠷᠨᠢᠭᠦᠯᠬᠦ ᠠᠵᠢᠯ ᠤᠨ ᠠᠭᠤᠯᠭ᠎ᠠ ᠶᠢ ᠤᠶᠢᠯᠠᠭᠠᠨ᠂ ᠨᠡᠪᠲᠡᠷᠡᠯᠴᠡᠨ ᠵᠣᠬᠢᠴᠠᠭᠤᠯᠬᠤ ᠠᠵᠢᠯ ᠢ ᠴᠠᠭ ᠲᠤᠬᠠᠶ ᠳᠤᠨᠢ | ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠯᠠᠪᠳᠠᠭᠤᠨ | ᠪᠠᠲᠤᠲᠠᠶ ᠡᠮᠬᠢ ᠵᠢᠷᠤᠮ ᠲᠠᠢ ᠠᠬᠢᠭᠤᠯᠪᠠ᠃ | ᠰᠠᠭᠤᠷᠢ ᠮᠡᠳᠡᠭᠡ ᠵᠠᠩᠭᠢ ᠶᠢᠨ ᠬᠢᠨᠠᠨ ᠪᠠᠶᠢᠴᠠᠭᠠᠯᠲᠠ ᠶᠢᠨ ᠲᠠᠯ᠎ᠠ ᠪᠠᠷ ᠬᠦᠴᠦᠯᠡᠪᠡ᠃ ᠪᠥᠬᠦ | ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ ᠬᠢᠨᠠᠨ | ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠬᠤᠵᠢᠮ ᠤᠨ ᠲᠠᠭᠯᠠᠨ ᠮᠡᠳᠡᠭᠦᠯᠬᠦ ᠠᠵᠢᠯ ᠤᠨ | ᠲᠤᠮᠳᠠᠬᠢ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ | ᠪᠠᠲᠤᠯᠠᠵᠤ᠂ ᠪᠥᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠪᠠᠶᠢᠳᠠᠯ ᠳᠤ ᠨᠡᠶᠢᠴᠡᠬᠦ ᠪᠤᠰᠤᠳᠴᠢ ᠪᠣᠳᠠᠲᠤ ᠪᠠᠶᠢᠳᠠᠯ ᠢ ᠦᠨᠡᠨ ᠬᠦ ᠪᠠᠳᠤᠯᠠᠪᠠ᠃ | ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠬᠦ ᠳᠡᠭᠡᠷ᠎ᠡ ᠬᠦᠴᠦᠯᠡᠪᠡ ᠃ | ᠬᠦᠳᠡᠯᠮᠦᠷᠢ ᠶᠢᠨ ᠴᠠᠯᠢᠩ ᠤᠨ ᠲᠤᠰᠬᠠᠶ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠬᠥᠳᠡᠯᠮᠦᠷᠢ ᠶᠢᠨ ᠴᠠᠯᠢᠩ ᠤᠨ | ᠪᠦᠷᠢᠳᠬᠡᠯ ᠤᠨ ᠲᠦᠷᠢᠮ ᠳᠤ ᠵᠠᠰᠠᠪᠤᠷᠢ ᠤᠷᠤᠭᠤᠯᠤᠬᠰᠠᠨ ᠠᠬᠤᠶ ᠪᠠᠶᠢᠳᠠᠯ᠂ ᠵᠠᠰᠠᠪᠤᠷᠢ ᠤᠷᠤᠭᠤᠯᠤᠭᠰᠠᠨ ᠭᠤᠤᠯ | ᠠᠭᠤᠯᠭ᠎ᠠ ᠂ ᠬᠦᠰᠦᠨᠦᠭᠲᠦ ᠲᠠᠬᠯᠠᠬᠤ ᠴᠠᠭ ᠤᠨ ᠲᠣᠬᠢᠷᠠᠭᠤᠯᠤᠯᠲᠠ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ | ᠰᠤᠷᠤᠯᠴᠠᠭᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠤᠶᠢᠰᠢᠳᠠ ᠶᠢᠨ ᠠᠵᠢᠯ ᠢ ᠥᠷᠨᠢᠭᠦᠯᠬᠦ ᠳᠤ ᠪᠠᠲᠤ ᠰᠠᠭᠤᠷᠢ ᠶᠢ ᠲᠠᠯᠪᠢᠪᠠ᠃ | | | |