12 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ | ᠬᠤᠷᠠᠯ ᠡᠷᠭᠢᠯᠡᠨ ᠬᠤᠷᠠᠯᠳᠤᠭᠤᠯᠵᠤ᠂ 12 ᠰᠠᠷ᠎ᠠ ᠶᠢᠨ 16 ᠤ ᠡᠳᠦᠷ ᠤᠨ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠠᠵᠤ | ᠠᠬᠤᠶ ᠶᠢᠨ ᠡᠷᠭᠢᠯᠳᠡ ᠶᠢᠨ ᠪᠠᠶᠢᠳᠠᠯ ᠢ ᠵᠠᠳᠠᠯᠵᠤ᠂ ᠢᠷᠡᠬᠦ ᠵᠢᠯ ᠤᠨ ᠠᠵᠤ ᠠᠬᠤᠶ ᠶᠢᠨ ᠠᠵᠢᠯ ᠢ ᠲᠥᠯᠥᠪᠵᠢᠭᠦᠯᠪᠡ᠃ | ᠬᠤᠰᠢᠭᠤᠨ ᠤ ᠤᠳᠤᠷᠢᠳᠤᠯᠭ᠎ᠠ ᠯᠢᠦ ᠶᠢᠨ ᠱᠧᠩ᠂ ᠲᠦᠩ ᠭᠦᠸᠧ ᠪᠢᠶᠤᠤ᠂ ᠸᠧᠨ ᠮᠢᠩ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ | ᠲᠦᠷᠦ ᠶᠢᠨ ᠪᠤᠳᠤᠯᠭ᠎ᠠ ᠶᠢᠨ ᠬᠠᠨᠳᠤᠰᠢ᠂ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠣᠳᠣᠬᠠᠨ ᠤ ᠮᠠᠨ ᠤ ᠬᠤᠰᠢᠭᠤᠨ ᠤ | ᠠᠵᠤ ᠠᠬᠤᠶ ᠶᠢᠨ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ᠂ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠳᠠᠬᠢᠨ | ᠬᠢᠨᠠᠨ ᠦᠵᠡᠵᠦ᠂ ᠳᠠᠬᠢᠨ ᠲᠡᠭᠦᠯᠳᠡᠷᠵᠢᠭᠦᠯᠵᠦ᠂ ᠢᠷᠡᠬᠦ ᠵᠢᠯ ᠤᠨ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ | ᠤᠬᠠᠭᠠᠨᠴᠢ ᠵᠦᠶ ᠵᠣᠬᠢᠰᠲᠠᠶ ᠲᠣᠭᠲᠠᠭᠠᠵᠤ᠂ ᠠᠵᠤ ᠠᠬᠤᠶ ᠶᠢᠨ ᠰᠠᠶᠢᠵᠢᠷᠠᠯᠲᠠ ᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠬᠤ ᠬᠡᠷᠡᠭᠲᠡᠶ᠃ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ | ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠢᠳᠡᠪᠬᠢᠲᠡᠢ ᠪᠠᠷ ︽ᠶᠠᠮᠤᠨ ᠲᠢᠩᠬᠢᠮ ᠳᠤ ᠣᠴᠢᠵᠤ︾ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠨᠡᠩ ᠤᠯᠠᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠤᠯᠬᠤ ᠪᠠᠷ | ᠴᠢᠷᠮᠠᠶᠢᠬᠤ ᠬᠡᠷᠡᠭᠲᠡᠢ ᠭᠡᠵᠡᠢ᠃ | | | |