ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠪᠠ᠃ ᠵᠢᠯ ᠤᠨ ᠡᠬᠢᠨ ᠠᠴᠠ ᠨᠠᠰᠢ᠂ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ 5 ᠤᠳᠠᠭ᠎ᠠ | ᠰᠤᠳᠤᠯᠤᠨ ᠪᠠᠶᠢᠷᠢᠯᠠᠭᠤᠯᠵᠤ᠂ ᠪᠠᠯᠭᠠᠰᠤ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠪᠠ᠃ | ᠱᠠᠯᠠᠪᠳᠠᠨ ᠪᠠᠶᠢᠴᠠᠭᠠᠬᠤ ᠶᠢ ᠴᠢᠩᠭᠠᠳᠬᠠᠪᠠ᠃ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ | ᠨᠢᠭᠡᠳᠦᠭᠡᠷ ᠹᠷᠣᠨᠲ ᠲᠤ ᠪᠠᠭᠤᠵᠤ᠂ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠵᠤ᠂ ᠲᠣᠰᠬᠤᠨ ᠳᠠᠷᠠᠭᠠᠯᠠᠨ | ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ | ᠲᠠᠯᠠᠪᠠᠢ ᠳᠤ ᠬᠠᠷᠢᠭᠤ ᠲᠤᠰᠬᠠᠨ ᠲᠤᠰᠢᠶᠠᠨ ᠥᠭᠴᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ | ᠥᠭᠡᠷᠡᠴᠢᠯᠡᠬᠦ ᠶᠢ ᠱᠠᠯᠠᠪᠳᠠᠭᠤᠯᠪᠠ᠃ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ᠃ ᠡᠷᠦᠬᠡ ᠳᠤ ᠣᠷᠣᠵᠤ ᠰᠤᠷᠪᠤᠯᠵᠢᠯᠠᠬᠤ᠂ | ᠶᠠᠷᠢᠯᠴᠠᠨ ᠰᠣᠯᠢᠯᠴᠠᠬᠤ᠂ ᠲᠥᠷᠥ ᠶᠢᠨ ᠪᠣᠳᠣᠯᠭ᠎ᠠ ᠶᠢᠨ ᠲᠣᠳᠣᠷᠬᠠᠶ ᠺᠠᠷᠲ ᠨᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠯ᠎ᠡ ᠲᠥᠷᠥᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠥᠷᠨᠢᠭᠦᠯᠵᠦ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠨᠢᠭᠤᠷᠲᠠᠨ ᠰᠢᠢᠳᠪᠦᠷᠢᠯᠡᠵᠦ᠂ ᠨᠡᠶᠢᠲᠡ 60 ᠭᠠᠷᠤᠶ | ᠤᠳᠠᠭ᠎ᠠ ᠢᠯᠡᠴᠢᠯᠡᠨ ᠮᠡᠳᠡᠭᠦᠯᠵᠦ ᠶᠠᠷᠢᠯᠴᠠᠬᠤ ᠬᠤᠷᠠᠯ ᠪᠠ ᠰᠣᠯᠢᠯᠴᠠᠭᠠᠨ ᠤ ᠬᠤᠷᠠᠯ ᠢ ᠬᠢᠵᠦ᠂ ᠠᠷᠠᠳ ᠲᠤ ᠠᠰᠢᠭ | ᠬᠦᠷᠲᠡᠭᠡᠬᠦ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠳᠣᠷᠬᠠᠶ ᠺᠠᠷᠲ ᠢ | 2300 ᠭᠠᠷᠤᠶ ᠬᠤᠪᠢ ᠨᠠᠭᠠᠵᠠᠶ᠃ | |