ᠬᠤᠷᠴᠢᠨ ᠵᠡᠭᠦᠨ ᠭᠠᠷᠤᠨ ᠬᠤᠶᠢᠲᠤ ᠬᠤᠰᠢᠭᠤ  ᠠᠮᠢᠲᠠᠨ ᠤ ᠬᠢᠵᠢᠭ ᠢ ᠰᠡᠷᠭᠡᠶᠢᠯᠡᠬᠦ ᠶᠢ ᠴᠢᠩᠭᠠᠳᠬᠠᠵᠤ ᠮᠠᠯ ᠠᠵᠤ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/12/2
   ᠨᠠᠮᠤᠷ ᠡᠪᠦᠯ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠮᠠᠯ ᠵᠢᠭᠦᠷᠲᠡᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠬᠢᠵᠠᠭᠠᠷᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠥᠬᠦ ᠬᠤᠰᠢᠭᠤᠨ ᠤ 519.81 ᠲᠦᠮᠡ ᠭᠠᠷᠤᠢ ᠮᠠᠯ ᠵᠢᠭᠦᠷᠲᠡᠨ ᠳᠤ ᠲᠥᠪᠯᠡᠷᠡᠭᠦᠯᠦᠨ ᠡᠭᠡᠯᠢᠯᠡᠭᠡ ᠶᠢᠨ ᠠᠵᠢᠯ ᠥᠷᠨᠢᠭᠦᠯᠵᠦ᠂ ᠮᠠᠯ ᠠᠵᠤ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃
  强化动物防疫 筑牢畜牧业安全屏障01.jpg  
    ᠬᠤᠷᠴᠢᠨ ᠵᠡᠭᠦᠨ ᠭᠠᠷᠤᠨ ᠬᠤᠶᠢᠳᠤ ᠬᠤᠰᠢᠭᠤ ᠡᠨᠡ ᠵᠢᠯ ᠤᠨ ᠨᠠᠮᠤᠷ ᠭᠤᠣᠯᠳᠠᠭᠤ ᠦᠬᠡᠷ ᠤᠨ ᠱᠦᠯᠬᠦᠭᠡ ᠡᠪᠡᠳᠴᠢᠨ ᠢ ᠰᠡᠷᠭᠡᠶᠢᠯᠡᠬᠦ ᠠᠵᠢᠯ ᠬᠢᠵᠦ᠂ ᠳᠠᠷᠠᠭ᠎ᠠ ᠨᠢ ᠦᠬᠡᠷ ᠤᠨ ᠬᠦᠪᠳᠦᠷᠦ᠂ ᠪᠷᠦ᠋ᠼᠧᠯ ᠡᠪᠡᠳᠴᠢᠨ ᠪᠣᠯᠤᠨ ᠪᠣᠭᠤᠮ᠎ᠠ ᠡᠪᠡᠳᠴᠢᠨ ᠳᠤ ᠡᠳᠦᠢ ᠲᠡᠳᠦᠢ ᠨᠦᠬᠦᠪᠦᠷᠢ ᠲᠠᠷᠢᠯᠭ᠎ᠠ ᠬᠢᠪᠡ᠃ ᠬᠢᠵᠢᠭ ᠢ ᠰᠡᠷᠭᠡᠶᠢᠯᠡᠬᠦ ᠶᠠᠪᠤᠴᠠ ᠳᠤ᠂ ᠬᠢᠵᠢᠭ ᠢ ᠰᠡᠷᠭᠡᠶᠢᠯᠡᠬᠦ ᠠᠵᠢᠯᠲᠠᠳ ᠪᠠᠰᠠ ᠲᠡᠵᠢᠭᠡᠨ ᠦᠷᠡᠵᠢᠭᠦᠯᠬᠦ ᠡᠷᠦᠬᠡ ᠳᠤ ᠠᠮᠢᠲᠠᠨ ᠤ ᠬᠢᠵᠢᠭ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠥᠭᠴᠦ᠂ ᠬᠦᠷᠢᠶ᠎ᠡ ᠬᠠᠰᠢᠶ᠎ᠠ ᠶᠢ ᠴᠡᠪᠡᠷᠯᠡᠨ ᠠᠷᠢᠭᠤᠳᠬᠠᠬᠤ ᠵᠡᠷᠭᠡ ᠠᠵᠢᠯ ᠢ ᠵᠢᠯᠣᠭᠤᠳᠤᠨ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠤᠬᠠᠮᠰᠠᠷ ᠬᠢᠭᠡᠳ ᠴᠢᠳᠠᠪᠤᠷᠢ ᠶᠢ  ᠲᠡᠭᠡᠭᠰᠢᠯᠡᠬᠦᠯᠪᠡ᠃
 强化动物防疫 筑牢畜牧业安全屏障02.jpg强化动物防疫 筑牢畜牧业安全屏障03.jpg 
     ᠣᠶᠢᠯᠠᠭᠠᠭᠰᠠᠨ ᠢᠶᠠᠷ᠂ ︽ᠰᠤᠮᠤ ᠪᠠᠯᠭᠠᠰᠤ ᠨᠢ ᠲᠣᠰᠬᠤᠨ ᠢ ᠣᠷᠬᠢᠭᠳᠠᠭᠤᠯᠬᠤ ᠥᠬᠡᠶ᠂ ᠲᠣᠰᠬᠤᠨ ᠨᠢ ᠡᠷᠦᠬᠡ ᠶᠢ ᠣᠷᠬᠢᠭᠳᠠᠭᠤᠯᠬᠤ ᠥᠬᠡᠶ᠂ ᠡᠷᠦᠬᠡ ᠨᠢ ᠮᠠᠯ ᠢ ᠣᠷᠬᠢᠭᠳᠠᠭᠤᠯᠬᠤ ᠥᠬᠡᠶ᠂ ᠮᠠᠯ ᠨᠢ ᠲᠠᠷᠢᠯᠭ᠎ᠠ ᠶᠢ ᠣᠷᠬᠢᠭᠳᠠᠭᠤᠯᠬᠤ ᠥᠬᠡᠶ︾ ᠪᠠᠶᠢᠬᠤ ᠵᠠᠷᠴᠢᠮ ᠶᠣᠰᠣᠭᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠪᠥᠬᠦ ᠬᠤᠰᠢᠭᠤᠨ ᠤ ᠬᠡᠪᠴᠢᠶᠡᠨ ᠳᠠᠬᠢ ᠬᠡᠷ ᠤᠨ ᠲᠡᠵᠢᠭᠡᠪᠦᠷᠢ᠂ ᠬᠡᠷ ᠤᠨ ᠵᠢᠭᠦᠷᠲᠡᠨ ᠳᠤ ᠸᠠᠺᠼᠢᠨ ᠤ ᠲᠠᠷᠢᠯᠭ᠎ᠠ ᠬᠢᠭᠰᠡᠨ ᠪᠠᠶᠢᠨ᠎ᠠ᠃ ᠡᠭᠦᠨ ᠳᠤ ᠦᠬᠡᠷ ᠬᠤᠨᠢᠨ ᠤ ᠱᠦᠯᠬᠦᠭᠡ ᠡᠪᠡᠳᠴᠢᠨ ᠤ ᠸᠠᠺᠼᠢᠨ ᠤ ᠲᠠᠷᠢᠯᠭ᠎ᠠ 291.7 ᠲᠦᠮᠡᠨ ᠮᠢᠯᠢᠯᠢᠲᠷ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠠᠷᠢᠯᠭ᠎ᠠ 69.1 ᠲᠦᠮᠡᠨ ᠮᠢᠯᠢᠯᠢᠲᠷ᠂ ᠬᠤᠨᠢ ᠢᠮᠠᠭᠠᠨ ᠤ ᠸᠠᠺᠼᠢᠨ ᠤ ᠲᠠᠷᠢᠯᠭ᠎ᠠ 27.9 ᠲᠦᠮᠡᠨ ᠬᠤᠪᠢ ᠲᠠᠷᠬᠠᠭᠠᠵᠤ᠂ ᠭᠠᠭ᠋ᠠᠢ ᠶᠢᠨ ᠱᠦᠯᠬᠦᠭᠡ ᠡᠪᠡᠳᠴᠢᠨ ᠤ ᠸᠠᠺᠼᠢᠨ ᠤ ᠲᠠᠷᠢᠯᠭ᠎ᠠ 16.1 ᠲᠦᠮᠡᠨ ᠮᠢᠯᠢᠯᠢᠲᠷ᠂ ᠭᠠᠭ᠋ᠠᠢ ᠶᠢᠨ ᠬᠢᠵᠢᠭ ᠤᠨ ᠸᠠᠺᠼᠢᠨ ᠤ ᠲᠠᠷᠢᠯᠭ᠎ᠠ 16.1 ᠲᠦᠮᠡᠨ ᠬᠤᠪᠢ᠂ ᠭᠠᠭ᠋ᠠᠢ ᠶᠢᠨ ᠬᠥᠬᠡ ᠴᠢᠬᠢ ᠡᠪᠡᠳᠴᠢᠨ ᠤ ᠸᠠᠺᠼᠢᠨ ᠤ ᠲᠠᠷᠢᠯᠭ᠎ᠠ 16.1 ᠲᠦᠮᠡᠨ ᠬᠤᠪᠢ ᠲᠠᠷᠬᠠᠭᠠᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号