ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠲᠠᠪᠳᠠᠨ ᠪᠤᠯᠪᠠᠰᠤᠷᠠᠭᠤᠯᠬᠤ ᠳᠤ ᠲᠤᠬᠢᠷᠠᠮᠵᠢᠲᠠᠢ | ᠤᠯᠠᠷᠢᠯ ᠮᠥᠨ᠂ ᠨᠠᠮᠤᠷ ᠤᠨ ᠤᠯᠠᠷᠢᠯ ᠳᠤ ᠪᠡᠶ᠎ᠡ ᠮᠠᠬᠠᠪᠤᠳ ᠢᠶᠠᠨ ᠲᠠᠪᠳᠠᠨ ᠪᠤᠯᠪᠠᠰᠤᠷᠠᠭᠤᠯᠬᠤ ᠨᠢ ᠪᠡᠶ᠎ᠡ ᠶᠢᠨ | ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ᠋ ᠤ ᠬᠦᠢᠲᠡᠨ᠋ ᠢ ᠡᠰᠡᠷᠭᠦᠴᠡᠬᠦ ᠰᠡᠳᠡᠯᠲᠡ | ᠥᠭᠬᠦ ᠴᠢᠳᠠᠪᠤᠷᠢ ᠶᠢ ᠴᠢᠩᠭᠠᠷᠠᠭᠤᠯᠬᠤ ᠳᠤ ᠠᠰᠢᠬᠳᠠᠢ ᠶᠤᠮ᠃ ᠨᠠᠮᠤᠷ ᠤᠨ ᠤᠯᠠᠷᠢᠯ ᠳᠤ ᠥᠷᠯᠥᠭᠡ ᠦᠳᠡᠰᠢ | ᠶᠢᠨ ᠳᠤᠯᠠᠭᠠᠨ᠋ ᠤ ᠵᠥᠷᠢᠶ᠎ᠡ ᠶᠡᠭᠡ ᠪᠤᠯᠪᠠᠴᠦ ᠡᠳᠦᠷ ᠤᠨ ᠳᠤᠯᠠᠭᠠᠨ᠋ ᠤ ᠬᠡᠮᠵᠢᠶ᠎ᠡ ᠲᠣᠬᠢᠷᠠᠮᠵᠢᠲᠠᠢ ᠦᠶ᠎ᠡ ᠲᠤ | ᠬᠥᠳᠡᠯᠭᠡᠭᠡᠨ ᠬᠢᠬᠦ ᠨᠢ ᠬᠠᠮᠤᠭ᠋ ᠤᠨ ᠲᠠᠭᠠᠯᠠᠮᠵᠢᠲᠠᠢ ᠪᠠᠢᠳᠠᠭ᠃ | ᠨᠠᠮᠤᠷ ᠤᠨ ᠤᠯᠠᠷᠢᠯ ᠳᠤ ᠪᠡᠶ᠎ᠡ ᠴᠢᠬᠢᠷᠠᠭᠵᠢᠭᠤᠯᠬᠤ ᠨᠢ ᠴᠢᠰᠤᠨ ᠰᠤᠳᠠᠯ ᠢ ᠵᠥᠭᠡᠯᠡᠷᠡᠭᠦᠯᠵᠦ᠂ ᠪᠡᠶ᠎ᠡ ᠶᠢᠨ | ᠰᠢᠨ᠎ᠡ ᠬᠠᠭᠤᠴᠢᠨ᠋ ᠤᠰᠣᠯᠢᠯᠴᠠᠭᠠ ᠶᠢ ᠠᠬᠢᠭᠤᠯᠤᠨ᠂ ᠰᠡᠳᠬᠢᠯ ᠰᠠᠨᠠᠭ᠎ᠠ ᠶᠢ ᠪᠠᠶᠠᠰᠬᠠᠵᠦ᠂ ᠲᠠᠭᠰᠢᠭᠤᠷ | ᠬᠢᠮᠦᠷᠠᠭ᠎ᠠ ᠶᠢ ᠰᠡᠷᠭᠡᠢᠯᠡᠵᠦ ᠴᠢᠳᠠᠳᠠᠭ᠃ | ᠲᠡᠭᠡᠪᠡᠯ ᠨᠠᠮᠤᠷ ᠤᠨ ᠤᠯᠠᠷᠢᠯ ᠳᠤ ᠶᠠᠮᠠᠷ ᠬᠦᠳᠡᠯᠭᠡᠭᠡᠨ᠋ ᠢ ᠰᠤᠩᠭᠤᠪᠡᠯ ᠲᠤᠬᠢᠷᠠᠮᠵᠢᠲᠠᠢ ᠪᠢᠯᠡ︖ ᠡᠭᠦᠨ᠋ ᠲᠤ | ᠤᠯᠠᠨ ᠵᠦᠢᠯ ᠤᠨ ᠰᠤᠩᠭᠤᠯᠲᠠ ᠪᠤᠢ᠃ ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ᠋ ᠤᠨ ᠦᠨᠳᠦᠰᠦᠨ | ᠬᠦᠴᠢᠯᠲᠥ᠋ᠷᠥᠭᠴᠢᠲᠦ ᠬᠥᠳᠡᠯᠭᠡᠭᠡᠨ᠋ ᠤ ᠨᠢᠭᠡ ᠪᠣᠯᠤᠭᠰᠠᠨ᠋ ᠬᠤᠪᠢ ᠳᠤ ᠵᠢᠷᠦᠬᠡ ᠠᠭᠤᠰᠬᠢᠨ᠋ ᠤ ᠠᠵᠢᠯᠯᠠᠭ᠎ᠠ ᠶᠢ | ᠢᠯᠡᠳᠲᠡ ᠰᠠᠢᠵᠢᠷᠠᠭᠤᠯᠵᠤ᠂ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ᠂ ᠰᠢᠨ᠎ᠡ ᠬᠠᠭᠤᠴᠢᠨ᠋ ᠤ ᠰᠣᠯᠢᠯᠴᠠᠭ᠎ᠠ | ᠶᠢ ᠠᠬᠢᠭᠤᠯᠵᠤ᠂ ᠮᠠᠷᠢᠶ᠎ᠠ ᠶᠢ ᠰᠢᠭᠤᠷᠠᠭᠤᠯᠬᠤ ᠳᠤ ᠠᠰᠢᠬᠳᠠᠢ ᠪᠠᠶᠢᠳᠠᠭ ᠃ | ᠠᠯᠬᠤᠬᠤ ᠪᠣᠯ ᠨᠢᠭᠡ ᠵᠦᠢᠯ ᠤᠨ ᠳᠥᠭᠦᠮ ᠪᠥᠭᠡᠳ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ | ᠪᠣᠯᠣᠨ᠎ᠠ᠂ ᠦᠬᠡᠬᠦ ᠶᠢ ᠪᠠᠭᠤᠷᠠᠭᠤᠯᠤᠨ᠂ ᠵᠢᠷᠦᠬᠡ ᠠᠭᠤᠰᠬᠢᠨ᠋ ᠤ ᠠᠵᠢᠯᠯᠠᠭ᠎ᠠ ᠶᠢ ᠲᠡᠭᠡᠭᠰᠢᠯᠡᠬᠦᠯᠬᠦ ᠶᠢᠨ ᠬᠠᠮᠲᠤ | ᠪᠠᠰᠠ ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ᠋ ᠤ ᠦᠬᠡᠬᠦ ᠶᠢ ᠬᠢᠵᠠᠭᠠᠷᠯᠠᠵᠤ᠂ ᠰᠡᠳᠬᠢᠴᠡ ᠶᠢᠨ | ᠲᠠᠷᠤᠯᠳᠠ ᠶᠢ ᠬᠥᠩᠭᠡᠷᠡᠭᠦᠯᠦᠨ᠎ᠡ ; ᠰᠠᠭᠰᠤᠨ ᠪᠦᠮᠪᠦᠭᠡ᠂ ᠬᠦᠯ ᠪᠦᠮᠪᠦᠭᠡ᠂ ᠠᠯᠠᠭᠠᠳᠠᠬᠤ ᠪᠦᠮᠪᠦᠭᠡ | ᠨᠠᠭᠠᠳᠬᠤ ᠨᠢ ᠵᠢᠷᠦᠭᠡ ᠠᠭᠤᠰᠬᠢᠨ᠋ ᠤᠠᠵᠢᠯᠯᠠᠭ᠎ᠠ᠂ ᠪᠤᠯᠴᠢᠩ ᠤᠨ ᠬᠦᠴᠦ᠂ ᠲᠡᠭᠡᠴᠡᠬᠦᠷᠢ ᠶᠢᠨ ᠴᠢᠳᠠᠪᠤᠷᠢ ᠪᠠ | ᠲᠤᠰᠬᠠᠯ ᠤᠨ ᠴᠢᠳᠠᠪᠤᠷᠢ᠂ ᠮᠠᠳᠠᠷᠡᠯ ᠤᠨ ᠰᠢᠰᠲ᠋ᠧᠮ ᠤᠨ ᠠᠵᠢᠯᠯᠠᠭ᠎ᠠ ᠶᠢ ᠰᠠᠢᠵᠢᠷᠠᠭᠤᠯᠤᠨ᠎ᠠ ; ᠪᠠᠰᠠ ᠳᠤᠭᠤᠢ | ᠤᠨᠤᠬᠤ᠂ ᠦᠳᠦᠨ ᠪᠥᠮᠪᠦᠭᠡ ᠨᠠᠭᠠᠳᠬᠤ᠂ ᠠᠭᠤᠯᠠ ᠠᠪᠠᠷᠢᠬᠤ᠂ ᠵᠤᠭ᠎ᠠ ᠵᠡᠷᠭᠡ ᠁ ᠪᠢᠳᠡ ᠨᠠᠰᠤᠨ᠋ ᠤ | ᠪᠠᠢᠳᠠᠯ ᠪᠠ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ ᠵᠤᠬᠢᠰᠲᠠᠢ ᠬᠦᠳᠡᠯᠭᠡᠭᠡᠨ᠋ ᠢ | ᠰᠤᠩᠭᠤᠵᠦ ᠪᠡᠶ᠎ᠡ ᠪᠠᠨ ᠪᠣᠯᠪᠠᠰᠤᠷᠠᠭᠤᠯᠵᠤ ᠪᠤᠯᠤᠨ᠎ᠠ᠃ | ᠲᠤᠰᠬᠠᠢ ᠮᠡᠷᠭᠡᠵᠢᠯᠳᠡᠨ ᠤ ᠰᠠᠨᠠᠭᠤᠯᠤᠭᠰᠠᠨ᠋ ᠢᠶᠠᠷ᠂ ᠪᠡᠶ᠎ᠡ ᠮᠠᠬᠠᠪᠤᠳ ᠢᠶᠠᠨ ᠲᠠᠪᠳᠠᠨ ᠪᠤᠯᠪᠠᠰᠤᠷᠠᠭᠤᠯᠬᠤ ᠳᠤ | ᠬᠦᠴᠢᠯᠲᠥ᠋ᠷᠥᠭᠴᠢᠲᠦ ᠬᠥᠳᠡᠯᠭᠡᠭᠡᠨ᠋ ᠢᠶᠠᠷ ᠭᠤᠣᠯᠯᠠᠭᠤᠯᠵᠦ᠂ ᠳᠤᠮᠳᠠ ᠨᠠᠰᠤᠨ᠋ ᠤ ᠬᠥᠮᠥᠰ ᠲᠦᠷᠭᠡᠨ ᠠᠯᠬᠤᠬᠤ᠂ | ᠤᠳᠠᠭᠠᠨ ᠭᠦᠶᠦᠬᠦ᠂ ᠠᠰᠠᠷ ᠤᠨ ᠱᠠᠳᠤ ᠮᠠᠴᠤᠬᠤ ᠵᠡᠷᠭᠡ ᠳᠣᠣᠷ᠎ᠠ ᠬᠦᠴᠢᠯᠲᠥ᠋ᠷᠥᠭᠴᠢᠲᠦ ᠬᠥᠳᠡᠯᠭᠡᠭᠡᠨ᠋ ᠢ | ᠰᠣᠩᠭᠤᠵᠤ ᠪᠣᠯᠣᠨ᠎ᠠ ; ᠨᠠᠰᠤᠲᠠᠢᠴᠤᠳ ᠰᠤᠯᠠ ᠠᠯᠬᠤᠬᠤ᠂ ᠵᠤᠭ᠎ᠠ᠂ ᠨᠡᠷᠡᠭᠦᠢ ᠨᠢᠳᠤᠷᠭ᠎ᠠ ᠵᠡᠷᠭᠡ ᠶᠢ | ᠰᠣᠩᠭᠤᠵᠤ ᠪᠣᠯᠣᠨ᠎ᠠ᠃ ᠨᠠᠮᠤᠷ ᠤᠨ ᠤᠯᠠᠷᠢᠯ ᠳᠤ ᠬᠥᠮᠥᠨ᠋ ᠤ ᠮᠡᠳᠡᠷᠡᠯ ᠤᠨ ᠰᠢᠰᠲᠧᠮ ᠤᠨ ᠬᠦᠭᠡᠷᠦᠯᠳᠡ ᠶᠢᠨ | ᠴᠢᠨᠠᠷ ᠨᠡᠮᠡᠭᠳᠡᠵᠦ᠂ ᠫᠢᠽᠤᠯᠤᠬᠢ ᠶᠢᠨ ᠠᠵᠢᠯᠯᠠᠭ᠎ᠠ ᠬᠥᠭᠵᠢᠶᠡᠨ᠋ ᠲᠠᠢ ᠪᠣᠯᠬᠤ ᠬᠠᠨᠳᠤᠰᠢ ᠲᠠᠢ ᠪᠣᠯᠣᠨ᠎ᠠ᠃ ᠡᠨᠡ | ᠤᠯᠠᠷᠢᠯ ᠲᠤ ᠬᠥᠮᠥᠰ ᠠᠮᠠᠷᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ᠋ ᠢ ᠬᠡᠲᠦᠷᠬᠡᠢ ᠬᠢᠬᠦ ᠠᠴᠠ ᠪᠣᠯᠵᠤ ᠶᠠᠳᠠᠷᠠᠨ | ᠂ ᠠᠵᠢᠯ ᠪᠣᠯᠣᠨ ᠡᠷᠡᠭᠦᠯ ᠮᠡᠨᠳᠦ ᠪᠠᠨ ᠨᠥᠯᠥᠭᠡᠯᠡᠵᠦ ᠮᠡᠳᠡᠨ᠎ᠡ᠃ ᠢᠯᠠᠩᠭᠤᠶ᠎ᠠ ᠢᠳᠡᠷ ᠥᠲᠡᠯᠦᠭᠡ ᠨᠠᠰᠤᠨ᠋ ᠤ | ᠬᠥᠮᠥᠰ ᠬᠥᠳᠡᠯᠭᠡᠭᠡᠨ᠋ ᠤ ᠴᠠᠭ ᠪᠠ ᠬᠥᠳᠡᠯᠭᠡᠭᠡᠨ᠋ ᠤ ᠡᠷᠴᠢᠮ ᠢᠶᠠᠨ ᠰᠠᠢᠲᠤᠷ ᠲᠣᠬᠢᠷᠠᠭᠤᠯᠬᠤ ᠬᠡᠷᠡᠭᠲᠡᠢ᠃ ᠶᠡᠷᠦ | ᠶᠢᠨ ᠪᠠᠶᠢᠳᠠᠯ ᠳᠤ᠂ ᠢᠳᠡᠷ ᠨᠠᠰᠤᠲᠠᠢᠴᠤᠳ ᠤᠳᠠᠭ᠎ᠠ ᠪᠦᠷᠢ 1.5 ᠴᠠᠭ ᠴᠠ ᠢᠯᠡᠭᠦᠦ ᠬᠥᠳᠡᠯᠭᠡᠭᠡᠨ ᠬᠢᠵᠦ | ᠪᠣᠯᠬᠤ ᠦᠭᠡᠢ᠃ ᠵᠤᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ ᠪᠡᠶ᠎ᠡ ᠶᠢᠨ ᠲᠠᠮᠢᠷ | ᠤᠨ ᠬᠥᠳᠡᠯᠭᠡᠭᠡᠨ᠋ ᠤ ᠲᠠᠷᠠᠭ᠎ᠠ ᠤᠰᠤ ᠨᠦᠬᠦᠪᠦᠷᠢᠯᠡᠬᠦ ᠶᠢ ᠠᠩᠬᠠᠷᠬᠤ ᠭᠡᠷᠡᠭᠲᠠᠢ᠃ ᠲᠠᠮᠢᠷ ᠤᠨ ᠬᠥᠳᠡᠯᠭᠡᠭᠡᠨ | ᠬᠢᠭᠰᠡᠨ᠋ ᠤ ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠢ᠂ ᠨᠢᠰᠢᠩᠭᠦ᠂ ᠠᠯᠢᠮ᠎ᠠ᠂ ᠠᠯᠮᠤᠷᠠᠳ᠂ | ᠰᠦ᠂ ᠮᠠᠭᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ ᠢᠯᠡᠭᠦᠬᠡᠨ ᠢᠳᠡᠵᠦ᠂ ᠠᠮᠢᠰᠬᠤᠯ ᠤᠨ ᠵᠠᠮ | ᠤᠨ ᠰᠠᠯᠢᠰᠤᠲᠤ ᠪᠦᠷᠬᠦᠪᠴᠢ ᠶᠢᠨ ᠬᠡᠪ ᠤᠨ ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠵᠦ ᠡᠪᠡᠳᠬᠦ ᠶᠢ | ᠰᠡᠷᠭᠡᠢᠯᠡᠨ᠎ᠡ᠃ ᠬᠡᠳᠦ ᠬᠥᠯᠥᠰᠦ ᠭᠠᠷᠤᠭᠰᠠᠨ ᠪᠣᠯ ᠪᠤᠴᠠᠯᠤᠭᠰᠠᠨ ᠤᠰᠤᠨ᠋ ᠳᠤ ᠪᠠᠭ᠎ᠠ ᠬᠡᠮᠵᠢᠶᠡᠨ᠋ ᠤ ᠳᠠᠪᠤᠰᠤ | ᠨᠡᠮᠡᠵᠦ ᠤᠤᠭᠤᠵᠤ ᠪᠣᠯᠣᠨ᠎ᠠ᠃ ᠤᠰᠤ ᠤᠤᠭᠤᠬᠤ ᠳᠠᠭᠠᠨ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠳᠠᠭᠠᠨ | ᠤᠤᠭᠤᠬᠤ ᠶᠢ ᠪᠠᠷᠢᠮᠲᠠᠯᠠᠨ᠎ᠠ᠃ | ᠪᠡᠶ᠎ᠡ ᠶᠢᠨ ᠲᠠᠮᠢᠷ ᠤᠨ ᠬᠦᠳᠡᠯᠭᠡᠭᠡᠨ ᠨᠢᠭᠡᠨᠲᠡ ᠠᠷᠠᠳ ᠢᠷᠭᠡᠳ ᠤᠨ ᠪᠡᠶ᠎ᠠ ᠮᠠᠬᠠᠪᠤᠳ ᠢᠶᠠᠨ | ᠴᠢᠬᠢᠷᠠᠭᠵᠢᠭᠤᠯᠵᠦ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠬᠠᠮᠤᠭ᠋ ᠤᠨᠢᠳᠡᠪᠬᠢᠲᠠᠢ᠂ ᠬᠠᠮᠤᠭ᠋ | ᠤᠨ ᠪᠦᠲᠦᠮᠵᠢᠲᠠᠢ ᠠᠷᠭ᠎ᠠ ᠬᠡᠯᠪᠡᠷᠢ ᠪᠤᠯᠤᠭᠰᠠᠨ ᠪᠠᠢᠨ᠎ᠠ᠃ ᠤᠯᠤᠰ ᠤᠷᠤᠨ᠋ ᠤ ᠬᠦᠭᠵᠢᠯᠳᠡ ᠶᠢᠨ ᠦᠷ᠎ᠡ ᠪᠦᠳᠦᠭᠡᠯ | ᠢ ᠤᠯᠠᠨ ᠲᠦᠮᠡᠨ ᠳᠤ ᠬᠠᠮᠳᠤ ᠪᠠᠷ ᠡᠳ᠋ᠯᠡᠬᠦᠯᠬᠦ ᠶᠢ ᠲᠠᠭᠠᠯᠳᠤᠨ᠂ ᠪᠦᠬᠦ ᠠᠷᠠᠳ ᠤᠨ ᠡᠯ᠎ᠡ ᠵᠦᠢᠯ ᠤᠨ ᠪᠡᠶ᠎ᠡ ᠶᠢᠨ | ᠲᠠᠮᠢᠷ ᠤᠨ ᠬᠦᠳᠡᠯᠭᠡᠭᠡᠨ ᠳᠤ ᠤᠷᠤᠯᠴᠠᠬᠤ ᠤᠷᠴᠢᠨ ᠨᠦᠬᠦᠴᠡᠯ ᠤᠯᠠᠮ ᠢᠶᠠᠷ ᠰᠠᠢᠵᠢᠷᠠᠵᠤ᠂ ᠪᠦᠬᠦ ᠠᠷᠠᠳ ᠤᠨ | ᠪᠡᠶ᠎ᠡ ᠴᠢᠬᠢᠷᠠᠬᠵᠢᠭᠤᠯᠤᠯᠳᠠ ᠶᠢ ᠲᠠᠢᠴᠢᠯᠠᠨ ᠡᠷᠡᠬᠦᠯ ᠡᠩᠭᠡ ᠲᠤᠮᠳᠠᠳᠤ ᠤᠯᠤᠰ ᠤᠨ ᠪᠠᠢᠭᠤᠯᠤᠯᠳᠠ ᠶᠢ ᠠᠬᠢᠭᠤᠯᠵᠤ | ᠪᠠᠢᠨ᠎ᠠ᠃ | | | ᠢᠷᠡᠯᠲᠡ᠄ ᠲᠤᠮᠳᠠᠳᠤ ᠤᠯᠤᠰ ᠤᠨᠮᠤᠩᠭᠤᠯ ᠬᠡᠯᠡᠨ ᠤᠨ ᠰᠤᠨᠢᠠ ᠮᠡᠳᠡᠭᠡ ᠶᠢᠨ ᠰᠦᠯᠵᠢᠶ᠎ᠠ | | | |