ᠨᠡᠶᠢᠲᠡᠯᠡᠭᠰᠡᠨ ᠴᠠᠭ᠄ 2024/11/29 | | ᠰᠢᠨᠬᠤᠸᠠ ᠬᠤᠷᠢᠶᠠᠨ ᠤ ᠡᠷᠬᠡ ᠰᠦᠷᠲᠦ ᠲᠦᠷᠭᠡᠨ ᠮᠡᠳᠡᠭᠡ | ︽ᠳᠡᠯᠡᠬᠡᠢ ᠳ᠋ᠠᠬᠢᠨ ᠳᠤ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ︿ᠪᠣᠬᠢᠷᠳᠤᠯ ᠦᠭᠡᠢ ᠨᠢᠭᠤᠴᠠ﹀ ᠶᠢ ᠲᠠᠨᠢᠭᠤᠯᠤᠶ᠎ᠠ - ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭᠠᠨ ᠤ ᠳᠤᠮᠳᠠᠳᠤ ᠤᠯᠤᠰ ᠤᠨ ᠦᠢᠯᠡᠳᠦᠯᠭᠡ ᠪᠠ ᠳᠡᠯᠡᠬᠡᠢ ᠳ᠋ᠠᠬᠢᠨ ᠳᠠᠬᠢ ᠬᠤᠪᠢ ᠨᠡᠮᠡᠷᠢ︾ | ᠭᠡᠬᠦ ᠤᠶᠤᠨ ᠤ ᠬᠥᠮᠥᠷᠭᠡ ᠶᠢᠨ ᠮᠡᠳᠡᠭᠦᠯᠦᠯᠲᠡ ᠶᠢ ᠨᠡᠶᠢᠳᠡᠯᠡᠪᠡ᠃ |  11 ᠳ᠋ᠦ᠋ᠭᠡᠷ ᠰᠠᠷ᠎ᠠ ᠶᠢᠨ 26 ᠤ ᠡᠳᠦᠷ᠂ ᠴᠧᠩᠳᠦ᠋ ᠳᠤ ᠶᠠᠪᠤᠭᠳᠠᠭᠰᠠᠨ 2024 ᠪᠦᠬᠦ ᠪᠥᠮᠪᠥᠷᠴᠡᠭ ᠤᠨ ᠮᠠᠯᠤᠷ | ᠦᠳᠡᠭᠡ ᠶᠢᠨ ᠬᠠᠨᠢᠲᠠᠳ ᠤᠨ ᠶᠡᠭᠡ ᠬᠤᠷᠠᠯ ᠳᠡᠭᠡᠷ᠎ᠡ᠂ ᠰᠢᠨᠬᠤᠸᠠ ᠬᠤᠷᠢᠶᠠᠨ ᠤ ᠤᠯᠤᠰ ᠤᠨ ᠳᠡᠭᠡᠳᠦ ᠲᠡᠰ ᠤᠨ | ᠤᠶᠤᠨ ᠤ ᠬᠥᠮᠥᠷᠭᠡ ᠪᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠤᠳᠤᠯᠭᠠᠨ ᠤ | ᠲᠥᠪ ᠤᠨ ᠬᠠᠮᠲᠤ ᠪᠠᠷ ᠲᠤᠭᠤᠷᠪᠢᠭᠰᠠᠨ ︽ᠳᠡᠯᠡᠬᠡᠢ ᠳ᠋ᠠᠬᠢᠨ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ︿ | ᠪᠣᠬᠢᠷᠳᠤᠯ ᠦᠭᠡᠢ ᠨᠢᠭᠤᠴᠠ﹀ ᠶᠢ ᠲᠠᠨᠢᠭᠤᠯᠤᠶ᠎ᠠ - ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭᠠᠨ ᠤ ᠳᠤᠮᠳᠠᠳᠤ ᠤᠯᠤᠰ ᠤᠨ ᠦᠢᠯᠡᠳᠦᠯᠭᠡ ᠪᠠ ᠳᠡᠯᠡᠬᠡᠢ ᠳ᠋ᠠᠬᠢᠨ ᠳᠠᠬᠢ ᠬᠤᠪᠢ ᠨᠡᠮᠡᠷᠢ︾ ᠭᠡᠬᠦ ᠤᠶᠤᠨ ᠤ | ᠬᠥᠮᠥᠷᠭᠡ ᠶᠢᠨ ᠮᠡᠳᠡᠭᠦᠯᠦᠯᠲᠡ ᠶᠢ ᠪᠦᠬᠦ ᠪᠦᠮᠪᠦᠷᠴᠡᠭ ᠲᠤ ᠬᠠᠨᠳᠤᠭᠤᠯᠤᠨ ᠨᠡᠶᠢᠲᠡᠯᠡᠪᠡ᠃ | ᠤᠶᠤᠨ ᠤ ᠬᠥᠮᠥᠷᠭᠡ ᠶᠢᠨ ᠮᠡᠳᠡᠭᠦᠯᠦᠯᠲᠡ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭᠠᠨ ᠤ ᠴᠠᠭ ᠦᠶ᠎ᠡ ᠶᠢᠨ ᠠᠬᠤᠢ ᠪᠠᠶᠢᠳᠠᠯ ᠬᠢᠭᠡᠳ ᠡᠯᠪᠡᠭ ᠪᠠᠶᠠᠯᠢᠭ ᠠᠭᠤᠯᠬᠤᠨ ᠢ ᠭᠦᠨᠵᠡᠭᠡᠢ ᠲᠠᠶᠢᠯᠪᠤᠷᠢᠯᠠᠵᠤ᠂ ᠠᠮᠢ | ᠠᠬᠤᠢ ᠶᠢᠨ ᠪᠣᠯᠪᠠᠰᠤᠨ ᠢ ᠪᠦᠲᠦᠭᠡᠨ ᠪᠠᠶᠢᠭᠤᠯᠵᠤ ᠪᠠᠶᠢᠭ᠎ᠠ ᠳᠤᠮᠳᠠᠳᠤ ᠤᠯᠤᠰ ᠤᠨ ᠦᠢᠯᠡᠳᠦᠯᠭᠡ ᠶᠢ ᠳ᠋ᠦᠩᠨᠡᠵᠦ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠡᠶᠡᠯᠡᠭᠦᠯᠬᠦ ᠪᠠᠶᠢᠭᠤᠯᠤᠯ ᠤᠨ ᠪᠠᠲᠤᠯᠠᠭ᠎ᠠ ᠶᠢ ᠲᠣᠳᠣᠷᠬᠠᠶᠢᠯᠠᠨ ᠥᠭᠦᠯᠡᠵᠦ᠂ | ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠳᠤᠮᠳᠠᠳᠤ | ᠤᠯᠤᠰ ᠤᠨ ᠤᠶᠤᠨ ᠤᠬᠠᠭᠠᠨ ᠢ ᠬᠠᠷᠠᠭᠤᠯᠵᠠᠢ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ | | | |