ᠴᠢᠦ ᠵᠢᠶᠦ᠋ᠨ ᠭᠠᠨᠵᠤᠭ᠎ᠠ ᠠᠴᠠ ᠲᠢᠶᠧ ᠯᠢᠩ ᠬᠦᠷᠬᠦ ᠰᠤᠪᠠᠭ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠦᠷᠦᠯ ᠵᠦᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠦ ᠵᠢᠶᠦ᠋ᠨ ᠭᠠᠨᠵᠤᠭ᠎ᠠ ᠠᠴᠠ ᠲᠢᠶᠧ ᠯᠢᠩ ᠬᠦᠷᠬᠦ ᠰᠤᠪᠠᠭ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠥᠷᠥᠯ ᠵᠦᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠯᠢ ᠸᠧᠶ ᠮᠢᠩ᠂ ᠯᠢᠶᠣᠤᠨᠢᠩ ᠮᠤᠵᠢ ᠶᠢᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠶᠡᠷᠦᠩᠬᠡᠶ ᠳᠠᠭᠠᠭᠠᠮᠠᠯ ᠮᠠ ᠮᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 邱军主持召开甘铁排干防洪排涝项目座谈会.jpg
    ᠬᠤᠷᠠᠯ ᠳᠡᠭᠡᠷ᠎ᠡ᠂ ᠯᠢᠶᠣᠤᠨᠢᠩ ᠮᠤᠵᠢ ᠶᠢᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠠᠵᠢᠯᠲᠠᠳ ︽ᠭᠠᠨᠵᠤᠭ᠎ᠠ ᠠᠴᠠ ᠲᠢᠶᠧ ᠯᠢᠩ ᠬᠦᠷᠬᠦ ᠰᠤᠪᠠᠭ ᠤᠨ  ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠥᠷᠥᠯ ᠵᠦᠢᠯ ᠤᠨ ᠲᠥᠰᠦᠯ︾ ᠢ ᠨᠠᠷᠢᠨ ᠲᠠᠶᠢᠯᠪᠤᠷᠢᠯᠠᠪᠠ᠃    ᠴᠢᠦ ᠵᠢᠶᠦ᠋ᠨ ︽ᠲᠥᠰᠦᠯ︾ ᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠬᠤᠲᠠ ᠶᠢᠨ ᠤᠰᠤᠲᠤᠯ ᠢ ᠵᠠᠰᠠᠬᠤ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠲᠡᠷᠡ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠪᠠ ᠬᠤᠲᠠ ᠶᠢᠨ ᠳᠦᠷᠢ ᠲᠥᠷᠬᠦ ᠲᠠᠢ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠰᠢᠷᠦᠭᠦᠨ ᠪᠣᠷᠣᠭᠠᠨ ᠤᠷᠤᠭᠰᠠᠨ ᠠᠴᠠ ᠬᠤᠲᠠ ᠶᠢᠨ ᠤᠰᠤᠲᠤᠯ ᠤᠨ ᠠᠰᠠᠭᠤᠳᠠᠯ ᠲᠣᠪᠤᠶᠢᠮ᠎ᠠ ᠪᠣᠯᠵᠤ᠂ ᠬᠤᠲᠠ ᠶᠢᠨ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠠᠶᠤᠯ ᠲᠦᠭᠰᠢᠭᠦᠷᠢ ᠪᠠ ᠳᠥᠭᠦᠮ ᠦᠭᠡᠢ ᠪᠣᠯᠪᠠ ᠭᠡᠵᠡᠢ᠃     ᠴᠢᠦ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠠᠨᠵᠤᠭ᠎ᠠ ᠪᠠᠯᠭᠠᠰᠤᠨ ᠤ ᠭᠤᠣᠯ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠤᠰᠤᠨ ᠤ ᠪᠣᠬᠢᠷᠲᠤᠯ ᠢ ᠵᠠᠰᠠᠬᠤ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠭᠤᠣᠯ ᠬᠤᠳᠠ ᠶᠢᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠴᠢᠩᠭᠠᠳᠬᠠᠵᠤ᠂ ᠤᠰᠤ ᠵᠠᠯᠠᠬᠤ ᠰᠢᠰᠲ᠋ᠧᠮ ᠢ ᠲᠦᠷᠭᠡᠬᠡᠨ ᠲᠡᠭᠦᠯᠳᠡᠷᠵᠢᠭᠦᠯᠵᠦ᠂ ᠬᠤᠷᠠᠮᠠᠯ ᠤᠰᠤ  ᠶᠢ ᠭᠠᠳᠠᠭᠰᠢᠯᠠᠭᠤᠯᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号