ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/23
    12 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠠᠮᠲᠤᠷᠠᠭᠰᠠᠨ ᠬᠤᠷᠠᠯ ᠬᠤᠷᠠᠯᠳᠤᠵᠤ᠂ ᠡᠨᠡ ᠵᠢᠯ ᠠᠴᠠ ᠨᠠᠰᠢᠬᠢ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠨ ᠵᠠᠳᠠᠯᠵᠤ᠂ ᠢᠷᠡᠬᠦ ᠵᠢᠯ ᠤᠨ ᠠᠵᠤ ᠠᠬᠤᠶ ᠶᠢᠨ ᠠᠵᠢᠯ ᠢ ᠬᠠᠮᠲᠤᠪᠠᠷ ᠲᠥᠯᠥᠪᠵᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
 科左后旗党政班子联席会议召开.jpg
    ᠭᠦᠸᠧ ᠲᠢᠶᠠᠨ ᠪᠦᠦ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ ᠮᠠᠨ ᠤ ᠬᠤᠰᠢᠭᠤᠨ ᠤ ᠠᠵᠤ ᠠᠬᠤᠶ ᠶᠢᠨ ᠪᠠᠶᠢᠳᠠᠯ ᠶᠡᠷᠦᠩᠬᠡᠶ ᠳᠡᠭᠡᠨ ᠨᠡᠯᠢᠶᠡᠳ ᠰᠠᠶᠢᠨ ᠪᠠᠶᠢᠵᠤ᠂ ᠵᠢᠯ ᠤᠨ ᠡᠴᠦᠰ ᠤᠨ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠢᠷᠡᠬᠦ ᠵᠢᠯ ᠤᠨ ᠠᠵᠢᠯ ᠢᠶᠠᠨ ᠥᠨᠳᠥᠷ ᠲᠦᠪᠰᠢᠨ ᠢᠶᠠᠷ ᠰᠠᠶᠢᠲᠤᠷ ᠲᠥᠯᠥᠪᠵᠢᠭᠦᠯᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ ᠪᠠᠷᠠᠭᠠᠯᠬᠢᠯᠠᠯ ᠤᠨ ᠰᠡᠳᠬᠢᠬᠦᠶ ᠪᠠᠨ ᠴᠢᠩᠭᠠᠳᠬᠠᠵᠤ᠂ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠬᠠᠷᠠᠯᠲᠠ ᠡᠭᠦᠷᠭᠡ ᠶᠢ ᠣᠨᠣᠪᠴᠢᠲᠠᠶ ᠲᠣᠭᠲᠠᠭᠠᠵᠤ᠂ ᠠᠵᠢᠯ ᠤᠨ ᠭᠠᠷᠳᠠᠬᠤ ᠴᠡᠭ᠂ ᠬᠦᠴᠦᠯᠡᠬᠦ ᠴᠡᠭ᠂ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠪᠥᠬᠦ ᠵᠢᠯ ᠤᠨ ᠠᠵᠢᠯ ᠤᠨ ︽ᠪᠠᠷᠢᠯᠭ᠎ᠠ ᠶᠢᠨ ᠵᠢᠷᠤᠭ︾ ᠢ ᠦᠨᠡᠨ ᠬᠦ ᠨᠠᠷᠢᠯᠢᠭ ᠪᠣᠳᠠᠲᠠᠶ ᠵᠢᠷᠤᠬᠤ ᠬᠡᠷᠡᠭᠲᠡᠶ᠃ ᠠᠵᠢᠯ ᠤᠨ ᠭᠤᠣᠯᠳᠠᠯᠭ᠎ᠠ ᠪᠠᠨ ᠳᠤᠪᠤᠶᠢᠯᠭᠠᠵᠤ᠂ ᠪᠡᠯᠡ ᠣᠷᠣᠭᠤᠯᠤᠯᠲᠠ ᠶᠢ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠭᠤᠣᠯ ᠬᠥᠳᠡᠯᠭᠡᠬᠦ ᠬᠦᠴᠦᠨ ᠪᠣᠯᠭᠠᠵᠤ᠂ ᠠᠵᠤ ᠦᠢᠯᠡᠰ ᠢᠶᠠᠷ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠨᠡᠯᠢᠶᠡᠳ ᠥᠨᠳᠥᠷ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠠᠲᠤᠯᠠᠬᠤ ᠬᠡᠷᠡᠭᠲᠡᠢ᠃ ᠡᠯᠧᠮᠧᠨ᠋ᠲ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠨᠡᠮᠡᠭᠳᠡᠯ ᠴᠠᠬᠢᠯᠭᠠᠨ ᠲᠦᠭᠡᠭᠡᠬᠦ ᠲᠣᠣᠷ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯᠧᠮᠧᠨ᠋ᠲ ᠤᠨ ᠬᠠᠩᠭᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠨᠡᠩ ᠤᠯᠠᠨ ᠠᠵᠤ ᠠᠬᠤᠶᠢᠯᠠᠯ ᠤᠨ ᠬᠤᠶᠢᠲᠤ ᠬᠤᠰᠢᠭᠤᠨ ᠳᠤ ᠪᠡᠯᠡ ᠣᠷᠣᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠵᠣᠷᠢᠭᠲᠠᠢ ᠪᠠᠷ ᠰᠡᠳᠬᠢᠵᠦ᠂ ᠵᠣᠷᠢᠭᠲᠠᠢ ᠪᠠᠷ ᠬᠡᠪ ᠤᠨ ᠵᠤᠷᠰᠢᠯ ᠢ ᠡᠪᠳᠡᠵᠦ᠂ ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠣᠨᠣᠪᠴᠢᠲᠠᠢ ᠦᠵᠡᠭᠰᠡᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠤᠷᠤᠭᠰᠢ ᠠᠬᠢᠭᠤᠯᠵᠤ᠂ ᠲᠣᠭᠲᠠᠭᠰᠠᠨ ᠶᠠᠪᠤᠳᠠᠯ ᠢ ᠪᠦᠬᠦ ᠬᠦᠴᠦᠨ ᠢᠶᠠᠷ ᠢᠶᠠᠨ ᠬᠢᠵᠦ᠂ ᠲᠤᠯᠭᠠᠷᠠᠭᠰᠠᠨ ᠬᠦᠴᠢᠷ ᠠᠰᠠᠭᠤᠳᠠᠯ ᠢ ᠪᠣᠳᠠᠲᠠᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ ᠬᠠᠮᠲᠤᠷᠠᠯ ᠤᠨ ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号