ᠨᠡᠶᠢᠲᠡᠯᠡᠭᠰᠡᠨ ᠴᠠᠭ᠄ 2024/12/19 | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 18 ᠤ ᠴᠠᠭᠢᠯᠭᠠᠨ ᠮᠡᠳᠡᠭᠡ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ 17 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ | ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ | ᠪᠣᠯᠣᠨ ᠥᠷᠢᠰᠦᠯᠳᠦᠭᠡᠨ ᠢ ᠵᠠᠳᠠᠯᠵᠤ᠂ 2025 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠤ ᠠᠵᠢᠯ ᠢ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠡᠨᠡ ᠤᠳᠠᠭ᠎ᠠ ᠶᠢᠨ ᠬᠤᠷᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠪᠠ᠃ ᠬᠤᠷᠠᠯ ᠠᠴᠠ ᠡᠮᠦᠨ᠎ᠡ᠂ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠠᠴᠠ ᠡᠨᠡ ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠵᠤ᠂ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠡᠢ᠃ ᠰᠢ ᠶᠢᠨ ᠫᠢᠩ᠂ | 2024 ᠣᠨ ᠳᠤ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠰᠢᠨ᠎ᠡ ᠳᠡᠭᠲᠡᠷ ᠲᠤ ᠭᠠᠷᠴᠤ᠂ | ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠥᠳᠡᠭᠡ ᠲᠣᠰᠬᠤᠨ ᠤ ᠨᠡᠶᠢᠭᠡᠮ ᠡᠶ᠎ᠡ ᠵᠣᠬᠢᠴᠠᠩᠭᠤᠢ | ᠲᠣᠭᠲᠠᠭᠤᠨ ᠪᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠭᠤᠷᠢ | ᠲᠤᠯᠭᠠᠭᠤᠷᠢᠯᠠᠯ ᠬᠠᠩᠭᠠᠪᠠ᠃ 2025 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠢ ᠰᠠᠶᠢᠲᠤᠷ ᠬᠢᠬᠦ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠠᠵᠤ | ᠠᠬᠤᠢ ᠶᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ | ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ | ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠣᠯᠣᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢᠨ ᠪᠠᠲᠤᠯᠠᠭ᠎ᠠ ᠶᠢ ᠪᠠᠲᠤᠯᠠᠬᠤ ᠬᠡᠷᠡᠭᠲᠡᠢ᠃ | ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠤᠨ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠪᠠᠷ | ᠲᠠᠭᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠦᠯᠦ ᠭᠠᠷᠬᠤ ᠬᠤᠷᠢᠭ᠎ᠠ ᠱᠤᠭᠤᠮ ᠢ ᠡᠷᠡᠰ ᠰᠠᠬᠢᠬᠤ | ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ | ᠴᠡᠴᠡᠭᠯᠡᠭᠦᠯᠦᠨ ᠬᠥᠭᠵᠢᠭᠦᠯᠵᠦ᠂ ᠵᠠᠩ ᠰᠤᠷᠲᠠᠯ ᠢ ᠥᠭᠡᠷᠡᠴᠢᠯᠡᠬᠦ ᠶᠢ ᠠᠬᠢᠭᠤᠯᠤᠨ᠂ ᠣᠷᠣᠰᠢᠨ ᠰᠠᠭᠤᠷᠢᠰᠢᠵᠤ ᠦᠢᠯᠡᠰ | ᠪᠦᠲᠦᠭᠡᠬᠦ ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠥᠳᠡᠭᠡ ᠠᠵᠤ ᠠᠬᠤᠢ | ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠳᠬᠤᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠪᠣᠯᠣᠨ ᠲᠠᠷᠢᠶᠠᠴᠢᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢᠨ ᠠᠯᠬᠤᠭ᠎ᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ ᠨᠠᠩ | ᠪᠠᠬᠢᠵᠢᠭᠦᠯᠬᠦ᠂ ᠬᠥᠳᠡᠭᠡ ᠲᠣᠰᠬᠤᠨ ᠢ ᠨᠠᠩ ᠴᠡᠴᠡᠭᠯᠡᠭᠦᠯᠬᠦ᠂ ᠲᠠᠷᠢᠶᠠᠴᠢᠳ ᠤᠨ ᠠᠮᠢᠳᠤᠷᠠᠯ ᠢ ᠨᠠᠩ ᠥᠭᠡᠳᠡ ᠡᠰᠡᠷᠡᠭ | ᠪᠤᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ | ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ︽ᠬᠥᠳᠡᠭᠡ ᠲᠣᠰᠬᠤᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ ︵ᠶᠠᠷᠢᠯᠴᠠᠬᠤ ᠨᠣᠣᠷᠠᠭ︶︾ ᠢ ᠶᠠᠷᠢᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠯᠢᠦ ᠭᠦᠸᠧ ᠵᠦᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠡᠨᠡ ᠵᠢᠯ ᠤᠨ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ | 2025 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ | ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ | ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠪᠠᠶᠢᠷᠢᠰᠢᠭᠤᠯᠵᠤ᠂ ᠵᠠᠩᠭᠢᠯᠠᠭ᠎ᠠ ᠶᠢᠨ ᠭᠠᠵᠠᠷ ᠲᠤ ᠨᠠᠶᠢᠳᠠᠪᠤᠷᠢᠵᠢᠭᠤᠯᠬᠤ ᠶᠢ | ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ ᠦᠵᠡᠯ ᠰᠠᠨᠠᠭᠠᠲᠤ ᠴᠢᠨᠠᠷ᠂ | ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢᠶᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠢ ᠠᠵᠢᠯᠯᠠᠭ᠎ᠠ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠬᠤᠷᠠᠯ ᠠᠴᠠ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠰᠠᠶᠢᠲᠤᠷ | ᠠᠳᠬᠤᠵᠤ᠂ ᠠᠷᠭ᠎ᠠ ᠪᠦᠭᠦᠨ ᠢ ᠰᠦᠪᠡᠭᠴᠢᠯᠡᠨ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ | ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠡᠷᠡᠰ ᠪᠠᠲᠤ | ᠡᠭᠦᠷᠭᠡᠯᠡᠵᠦ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ | ᠪᠤᠳᠠᠭ᠎ᠠ ᠲᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ | ᠠᠬᠢᠭᠤᠯᠵᠤ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠮᠤ ᠪᠤᠳᠠᠭᠠᠨ ᠤ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠦᠷᠢ ᠣᠯᠭᠤᠬᠤ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠨ ᠭᠠᠵᠠᠷ ᠤᠨ | ᠲᠠᠷᠢᠮᠠᠯ ᠤᠨ ᠬᠡᠷᠡᠭᠴᠡᠭᠡ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠠ ᠪᠡᠯᠡ ᠮᠥᠩᠭᠦ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠤ ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠬᠥᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠨᠰᠢᠭᠦᠯᠵᠦ᠂ ᠲᠥᠪ ᠤᠨ ᠨᠢᠭᠡᠳᠦᠯᠲᠡᠢ ᠲᠥᠯᠦᠪᠵᠢᠭᠦᠯᠭᠡ ᠳᠣᠣᠷᠠᠬᠢ ᠠᠮᠤ ᠪᠤᠳᠠᠭᠠᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢ | ᠡᠬᠢᠯᠡᠨ ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠢ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠢᠳᠡᠭᠡᠨ ᠤ ᠤᠯᠠᠨ | ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠵᠤ᠂ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ | ᠲᠡᠳᠬᠦᠨ ᠳᠡᠮᠵᠢᠵᠦ᠂ ᠠᠮᠤ ᠪᠤᠳᠠᠭ᠎ᠠ ᠪᠠ ᠢᠳᠡᠭᠡᠨ ᠢ ᠠᠷᠪᠢᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠠᠵᠢᠯ ᠢ ᠤᠬᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠭᠢᠨ | ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠪᠣᠯᠣᠨ | ᠣᠷᠣᠯᠭ᠎ᠠ ᠨᠢᠮᠭᠡᠨ ᠬᠥᠮᠥᠨ ᠠᠮᠠ᠂ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ | ᠲᠡᠳᠬᠦᠬᠦ ᠳᠦᠷᠢᠮ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠨᠤᠲᠤᠭ ᠤᠨ ᠣᠨᠴᠠ | ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ | ᠪᠣᠶᠢᠵᠢᠭᠤᠯᠤᠨ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ | ᠵᠣᠬᠢᠴᠠᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠭᠡᠯᠪᠡᠷᠢ ᠶᠢᠨ ᠬᠤᠳᠠ | ᠪᠠᠯᠭᠠᠰᠤᠵᠢᠯᠲᠠ ᠲᠠᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠰᠢᠶᠠᠨ ᠤ ᠬᠡᠪᠴᠢᠶᠡᠨ ᠤ ᠬᠤᠳᠠ ᠬᠥᠳᠡᠭᠡ ᠶᠢᠨ | ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢ ᠬᠥᠳᠡᠭᠡ | ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠵᠦ᠂ | ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ | ᠭᠦᠨᠵᠡᠭᠡᠢ ᠠᠬᠢᠭᠤᠯᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠪᠣᠯᠪᠠᠰᠤᠨ ᠬᠥᠳᠡᠭᠡ ᠶᠢᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠵᠠᠩ ᠰᠤᠷᠲᠠᠯ ᠢ ᠥᠭᠡᠷᠡᠴᠢᠯᠡᠬᠦ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ | ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠠᠮᠤᠷ ᠲᠣᠭᠲᠠᠭᠤᠨ ᠠᠮᠤᠷ ᠲᠠᠶᠢᠪᠤᠩ ᠢ | ᠬᠠᠮᠠᠭᠠᠯᠠᠬᠤ ᠬᠡᠷᠡᠭᠲᠡᠢ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠡᠭᠦᠷᠭᠡ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ | ᠲᠤᠯᠤᠭᠰᠠᠨ ᠤ ᠲᠠᠷᠠᠭ᠎ᠠ ᠲᠠᠭᠢᠨ ᠭᠤᠴᠢᠨ ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠠᠬᠢᠭᠤᠯᠵᠤ᠂ | ᠬᠥᠳᠡᠭᠡ ᠲᠣᠰᠬᠤᠨ ᠤ ᠰᠤᠯᠠ ᠪᠠᠶᠢᠭ᠎ᠠ ᠭᠡᠷ ᠪᠠᠶᠢᠰᠢᠩ ᠢ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ | ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠠᠰᠢᠭᠯᠠᠬᠤ ᠶᠢ ᠪᠦᠲᠦᠮᠵᠢᠲᠡᠢ ᠪᠡᠶᠡᠯᠡᠭᠦᠯᠬᠦ ᠭᠡᠯᠪᠡᠷᠢ ᠶᠢ ᠰᠦᠪᠡᠭᠴᠢᠯᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠡᠯᠡ ᠣᠷᠣᠭᠤᠯᠬᠤ ᠪᠡᠯᠡ ᠬᠤᠷᠠᠮᠳᠤᠭᠤᠯᠬᠤ ᠲᠣᠭᠲᠠᠴᠠ ᠶᠢᠨ | ᠰᠢᠨ᠎ᠡ ᠶᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ | ᠬᠥᠳᠡᠭᠡ ᠲᠣᠰᠬᠤᠨ ᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ | ᠭᠦᠨᠳᠦᠳᠭᠡᠵᠦ᠂ ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠠᠵᠢᠯ ᠤᠨ ᠠᠷᠭ᠎ᠠ | ᠭᠡᠯᠪᠡᠷᠢ ᠪᠠᠨ ᠰᠠᠶᠢᠵᠢᠷᠠᠭᠤᠯᠵᠤ᠂ ᠡᠯ᠎ᠡ ᠭᠠᠵᠠᠷ ᠤᠨ ᠦᠢᠯᠡᠳᠦᠯᠭᠡ ᠪᠠᠷ ᠬᠠᠶᠢᠨ ᠰᠦᠪᠡᠭᠴᠢᠯᠡᠬᠦ ᠪᠠ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ | ᠦ᠋ ᠵᠧᠩ ᠯᠦᠩ ᠠᠩᠬᠠᠳᠤᠭᠠᠷ ᠪᠦᠭᠦᠳᠡ ᠬᠤᠷᠠᠯ ᠢ ᠡᠷᠭᠢᠯᠡᠪᠠ᠃ | ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠷᠢᠭᠤᠴᠠᠯᠭᠠᠲᠠᠨ ᠨᠥᠬᠦᠳ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ | ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | |