ᠴᠢᠦ ᠵᠢᠶᠦ᠋ᠨ ᠴᠢᠯᠠᠭᠤᠲᠤ ᠪᠠᠯᠭᠠᠰᠤ᠂ ᠪᠠᠭᠠᠳᠠᠯ᠎ᠠ ᠰᠤᠮᠤ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/25
   12 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠦ ᠵᠢᠶᠦ᠋ᠨ ᠴᠢᠯᠠᠭᠤᠲᠤ ᠪᠠᠯᠭᠠᠰᠤ᠂ ᠪᠠᠭᠠᠳᠠᠯ᠎ᠠ ᠰᠤᠮᠤ ᠵᠡᠷᠭᠡ ᠭᠠᠵᠠᠷ ᠲᠤ ᠬᠦᠷᠴᠦ᠂ ᠠᠭᠤᠯᠠ ᠤᠰᠤᠨ ᠤ ᠢᠨᠵᠧᠨᠧᠷᠢᠩ ᠤᠨ ᠤᠰᠤᠨ ᠠᠰᠢᠭᠯᠠᠯᠲᠠ ᠶᠢᠨ ᠲᠥᠷᠥᠯ ᠵᠦᠢᠯ ︵ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ᠬᠤᠯᠪᠣᠭᠠᠯᠠᠨ ᠨᠡᠪᠲᠡᠷᠡᠭᠦᠯᠬᠦ ᠢᠨᠵᠧᠨᠧᠷᠢᠩ︶ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
 邱军到朝鲁吐镇、巴胡塔苏木等地调研.jpg 
    ᠡᠨᠡ ᠬᠤᠭᠤᠴᠠᠭᠠᠨ ᠳᠤ᠂ ᠴᠢᠦ ᠵᠢᠶᠦ᠋ᠨ ᠲᠤᠰ ᠲᠤᠰ ᠭᠤᠣᠯ ᠮᠥᠷᠡᠨ ᠨᠠᠭᠤᠷ ᠴᠥᠭᠦᠷᠥᠮ ᠤᠨ ᠬᠤᠯᠪᠣᠭᠠᠯᠠᠨ ᠨᠡᠪᠲᠡᠷᠡᠭᠦᠯᠬᠦ ᠢᠨᠵᠧᠨᠧᠷᠢᠩ ᠤᠨ ᠶᠠᠰᠤ ᠴᠢᠨᠠᠷ ᠤᠨ ᠪᠠᠶᠢᠳᠠᠯ ᠪᠣᠯᠤᠨ ᠪᠠᠶᠢᠭᠤᠯᠵᠤ ᠪᠠᠶᠢᠭ᠎ᠠ ᠬᠡᠰᠡᠭ ᠤᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠪᠠᠷᠢᠯᠭ᠎ᠠ ᠶᠢᠨ ᠨᠢᠭᠡᠴᠡ ᠶᠢ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠭᠰᠠᠨ ᠪᠠᠶᠢᠳᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠴᠠᠭ ᠲᠤᠬᠠᠢ ᠳᠤᠨᠢ ᠳᠠᠭᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠳᠠᠷᠠᠭ᠎ᠠ ᠨᠢ᠂ ᠴᠢᠦ ᠵᠢᠶᠦ᠋ᠨ ᠭᠠᠨᠵᠤᠭ᠎ᠠ ᠠᠴᠠ ᠲᠢᠶᠧ ᠯᠢᠩ ᠬᠦᠷᠬᠦ ᠤᠰᠤ ᠭᠠᠳᠠᠭᠰᠢᠯᠠᠭᠤᠯᠬᠤ ᠰᠤᠪᠠᠭ ᠤᠨ ᠳᠡᠭᠡᠳᠦ ᠤᠷᠤᠰᠬᠠᠯ ᠳᠤ ᠬᠦᠷᠴᠦ ᠠᠷᠭ᠎ᠠ ᠵᠠᠮ ᠤᠨ ᠬᠠᠨᠳᠤᠰᠢ᠂ ᠤᠰᠤ ᠲᠠᠲᠠᠷᠠᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠭᠤᠤᠯ ᠰᠤᠪᠠᠭ ᠤᠨ ᠲᠥᠷᠥᠯ ᠵᠦᠢᠯ ᠢ ᠮᠡᠳᠡᠭᠦᠯᠬᠦ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠰᠤᠮᠤ ᠪᠠᠯᠭᠠᠰᠤᠨ ᠤ ᠬᠠᠷᠢᠭᠤᠴᠠᠯᠭᠠᠲᠠᠨ ᠣᠷᠣᠯᠴᠠᠵᠠᠶ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号