ᠭᠦᠸᠧ ᠲᠢᠶᠠᠨ ᠪᠦᠦ ᠵᠠᠯᠠᠭᠤ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/12/25
   12 ᠰᠠᠷ᠎ᠠ ᠶᠢᠨ 23 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠭᠦᠸᠧ ᠲᠢᠶᠠᠨ ᠪᠦᠦ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠤᠰᠬᠠᠶ ᠰᠡᠳᠦᠪᠲᠦ ᠨᠠᠮ ᠤᠨ ᠬᠢᠴᠢᠶᠡᠯ ᠲᠠᠶᠢᠯᠪᠤᠷᠢᠯᠠᠪᠠ᠃
 郭天宝为年轻干部讲授专题党课.jpg
    ᠨᠠᠮ ᠤᠨ ᠬᠢᠴᠢᠶᠡᠯ ᠲᠡᠭᠡᠷ᠎ᠡ᠂ ᠭᠦᠸᠧ ᠲᠢᠶᠠᠨ ᠪᠦᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠪᠠᠬᠢ ᠪᠣᠶ ᠪᠣᠯᠭᠠᠬᠤ᠂ ᠪᠢᠳᠡ ︽ᠬᠠᠮᠢᠭ᠎ᠠ ᠠᠴᠠ  ᠢᠷᠡᠭᠰᠡᠨ︾ ᠢᠶᠠᠨ ᠮᠡᠳᠡᠬᠦ ᠶᠢᠨ ᠲᠣᠭᠤᠷᠢᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠶᠢᠳᠠᠯ ᠢ ᠭᠦᠨᠵᠡᠭᠡᠶ ᠣᠶᠢᠯᠠᠭᠠᠵᠤ ᠂ ᠪᠢᠳ᠋ᠨ ︽ᠬᠠᠮᠢᠭᠠᠰᠢ ᠪᠠᠨ ᠶᠠᠪᠤᠬᠤ︾ ᠶᠢ ᠲᠣᠳᠣᠷᠬᠠᠶᠢᠯᠠᠵᠤ᠂ ᠺᠠᠳ᠋ᠷ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠢᠳ᠋ᠨ ︽ᠶᠠᠭᠠᠬᠢᠵᠤ ᠶᠠᠪᠤᠬᠤ︾ ᠭᠤᠷᠪᠠᠨ ᠲᠠᠯ᠎ᠠ ᠶᠢ ᠲᠣᠳᠣᠷᠬᠠᠶ ᠣᠶᠢᠯᠠᠭᠠᠵᠤ ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠡᠤᠬᠡ ᠶᠢᠨ ᠬᠤᠪᠢᠰᠤᠯᠲᠠ᠂ ᠠᠭᠤᠰᠤᠯᠴᠠᠯ ᠤᠨ ᠰᠤᠳᠠᠰᠤ᠂ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠴᠢᠭᠯᠡᠯ ᠵᠡᠷᠭᠡ ᠶᠢ ᠰᠢᠰᠲ᠋ᠧᠮ ᠲᠠᠢ ᠶᠠᠷᠢᠪᠠ᠃    ᠲᠡᠷᠡ᠂ ᠬᠤᠶᠢᠲᠤ ᠬᠤᠰᠢᠭᠤᠨ ᠤ ᠺᠠᠳ᠋ᠷ ᠪᠣᠯᠤᠭᠰᠠᠨ ᠤ ᠬᠤᠪᠢ ᠳᠤ᠂ ᠬᠤᠶᠢᠲᠤ ᠬᠤᠰᠢᠭᠤᠨ ᠤ ᠲᠡᠤᠬᠡ ᠶᠢ ᠵᠣᠬᠢᠬᠤ ᠬᠡᠮᠵᠢᠶ᠎ᠡ ᠪᠠᠷ ᠣᠶᠢᠯᠠᠭᠠᠵᠤ᠂ ᠬᠤᠶᠢᠲᠤ ᠬᠤᠰᠢᠭᠤᠨ ᠤ ᠲᠦᠢᠮᠣ ᠪᠠᠶᠢᠳᠠᠯ ᠤᠨ ᠲᠤᠬᠠᠶ ᠳᠣᠲᠣᠷ᠎ᠠ ᠪᠠᠨ ᠲᠤᠭ᠎ᠠ ᠲᠠᠢ ᠪᠠᠶᠢᠵᠤ᠂ ᠬᠡᠷᠬᠢᠨ ︽ᠬᠤᠶᠢᠲᠤ ᠬᠤᠰᠢᠭᠤᠨ ᠤ ᠪᠠᠶᠢᠬᠤ ᠵᠦᠢᠯ︾ ᠳᠡᠭᠡᠷ᠎ᠡ ᠰᠠᠭᠤᠷᠢᠯᠠᠵᠤ ᠪᠤᠶᠢᠵᠢᠭᠤᠯᠤᠭᠰᠠᠨ ᠳᠠᠪᠠᠭᠤᠯᠢᠭ ᠢ ᠪᠣᠶ ᠪᠣᠯᠭᠠᠬᠤ ᠶᠢ ᠣᠶᠢᠯᠠᠭᠠᠵᠤ᠂ ︽ᠬᠤᠶᠢᠲᠤ ᠬᠤᠰᠢᠭᠤᠨ ᠤ ᠬᠡᠷᠡᠭᠴᠡᠭᠡ︾ ᠶᠢ ᠪᠣᠳᠣᠯᠬᠢᠯᠠᠨ ᠬᠥᠭᠵᠢᠯᠲᠡ ᠶᠢ ᠰᠦᠪᠡᠭᠴᠢᠯᠡᠵᠦ᠂ ︽ᠬᠤᠶᠢᠲᠤ ᠬᠤᠰᠢᠭᠤᠨ ᠤ ᠲᠠᠪᠠᠭᠤᠯᠢᠭ︾ ᠲᠤ ᠲᠦᠰᠢᠭᠯᠡᠨ ᠠᠵᠤ ᠦᠢᠯᠡᠰ ᠢ ᠬᠦᠴᠦᠷᠬᠡᠭᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠥᠷᠭᠡᠨ ᠣᠯᠠᠨ ᠵᠠᠯᠠᠭᠤ ᠺᠠᠳ᠋ᠷ ᠪᠣᠯ ᠬᠤᠶᠢᠲᠤ ᠬᠤᠰᠢᠭᠤᠨ ᠤ ᠬᠥᠭᠵᠢᠯᠲᠡ ᠳᠤ ᠣᠷᠣᠯᠴᠠᠭᠴᠢ᠂ ᠭᠡᠷᠡᠴᠢᠯᠡᠭᠴᠢ᠂ ᠠᠬᠢᠭᠤᠯᠤᠭᠴᠢ ᠮᠥᠨ᠂ ᠣᠯᠠᠨ ᠢᠶᠠᠷ ᠢᠶᠠᠨ ᠴᠥᠮ ︽ᠶᠠᠭᠠᠬᠢᠵᠤ ᠬᠢᠬᠦ︾ ᠶᠢ ᠲᠣᠳᠣᠷᠬᠠᠶ ᠣᠶᠢᠯᠠᠭᠠᠵᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠱᠤᠭᠤᠮ ᠢ ᠪᠠᠲᠤ ᠡᠵᠡᠮᠳᠡᠵᠦ᠂ ᠲᠡᠭᠦᠨ ᠢ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠬᠤ ᠬᠡᠷᠡᠭᠲᠡᠶ᠃ ᠲᠣᠰ ᠪᠡᠶ᠎ᠡ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠬᠢᠬᠦ ᠰᠠᠨᠠᠭ᠎ᠠ ᠲᠠᠢ ᠭᠡᠬᠦᠳᠡᠭ ᠴᠡᠭᠡᠵᠢ ᠲᠠᠢ ᠪᠠᠶᠢᠷᠢᠰᠢᠯ᠂ ᠠᠵᠢᠯ ᠬᠢᠵᠦ ᠳᠡᠶᠢᠯᠬᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠤᠴᠢᠷ ᠶᠠᠪᠤᠳᠠᠯ ᠭᠠᠷᠭᠠᠬᠤ ᠥᠬᠡᠶ ᠬᠡᠪ ᠰᠤᠷᠲᠠᠯ ᠰᠠᠬᠢᠯᠭ᠎ᠠ ᠪᠠᠲᠤ ᠲᠠᠢ ᠪᠠᠶᠢᠵᠤ᠂ ᠬᠤᠶᠢᠲᠤ ᠬᠤᠰᠢᠭᠤᠨ ᠤ ᠲᠡᠤᠬᠡ ᠶᠢ ᠦᠷᠭᠦᠯᠵᠢᠯᠡᠨ ᠪᠢᠴᠢᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠩ ᠬᠡᠷᠡᠯ ᠰᠠᠴᠤᠷᠠᠩᠭᠤᠶ ᠢᠷᠡᠭᠡᠳᠦᠶ ᠶᠢ ᠬᠠᠮᠲᠤ ᠪᠠᠷ ᠴᠣᠭᠴᠠᠯᠠᠬᠤ ᠬᠡᠷᠡᠭᠲᠡᠶ ᠭᠡᠵᠡᠢ᠃    ᠲᠣᠰ ᠤᠳᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠤᠰᠬᠠᠶ ᠰᠡᠳᠦᠪᠲᠦ ᠨᠠᠮ ᠤᠨ ᠬᠢᠴᠢᠶᠡᠯ ᠲᠠᠶᠢᠯᠪᠤᠷᠢᠯᠠᠭᠰᠠᠨ ᠨᠢ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠴᠢᠩᠭ᠎ᠠ ᠲᠤᠰᠬᠠᠯ ᠭᠠᠷᠪᠠ᠃ ᠣᠯᠠᠨ ᠢᠶᠠᠷ ᠢᠶᠠᠨ᠂ ᠨᠠᠮ ᠤᠨ ᠬᠢᠴᠢᠶᠡᠯ ᠰᠣᠨᠣᠰᠬᠤ ᠪᠠᠷ ᠳᠠᠮᠵᠢᠨ᠂ ᠭᠦᠨ ᠬᠥᠮᠦᠵᠢᠯ ᠪᠠ ᠰᠡᠩᠬᠡᠷᠡᠭᠦᠯᠦᠯ ᠣᠯᠵᠤ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠬᠠᠷᠢᠭᠤᠴᠠᠯᠭ᠎ᠠ ᠪᠠ ᠡᠭᠦᠷᠭᠡ ᠪᠠᠨ ᠲᠣᠳᠣᠷᠬᠠᠶᠢᠯᠠᠪᠠ᠃ ᠬᠤᠶᠢᠰᠢᠳᠠ ᠨᠠᠮ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠩ ᠥᠨᠳᠥᠷ ᠬᠠᠯᠠᠭᠤᠨ ᠰᠡᠳᠬᠢᠯᠭᠡ᠂ ᠨᠠᠩ ᠭᠦᠢᠴᠡᠳ ᠡᠷᠴᠢ ᠵᠣᠷᠢᠭ᠂ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠲᠤᠬᠠᠶᠢᠯᠠᠭᠰᠠᠨ ᠠᠵᠢᠯ ᠳᠠᠭᠠᠨ ᠣᠷᠣᠯᠴᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号