ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠨᠠᠮ ︵ᠠᠵᠢᠯ︶ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/25
   12 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠨᠠᠮ ︵ᠠᠵᠢᠯ︶ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ᠃
 旗委常委会(扩大)会议暨2024年.jpg 
   ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠬᠤᠶᠠᠳᠤᠭᠠᠷ ᠰᠠᠯᠠᠭᠠᠨ ᠤ ᠳᠠᠷᠤᠭ᠎ᠠ ᠵᠠᠩ ᠴᠥᠩ ᠮᠧᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠤ ᠦᠨᠡᠯᠡᠪᠡ᠃     ᠬᠤᠷᠠᠯ ᠠᠴᠠ 20 ᠨᠠᠮ ᠤᠨ ︵ᠠᠵᠢᠯ︶ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠨᠠᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠱᠦᠵᠢ ᠪᠢᠴᠢᠭ ᠤᠨ ᠮᠡᠳᠡᠭᠦᠯᠦᠯᠲᠡ ᠬᠢᠪᠡ᠃ ᠭᠦᠸᠧ ᠲᠢᠶᠠᠨ ᠪᠦᠦ ᠬᠤᠰᠢᠭᠤᠨ ᠤ ᠨᠠᠮ ᠤᠨ ᠬᠤᠷᠢᠶ᠎ᠠ ᠶᠢ ᠲᠥᠯᠥᠭᠡᠯᠡᠨ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠢ ᠨᠢᠭᠡᠳ ᠨᠢᠭᠡ ᠪᠠᠷ ᠦᠨᠡᠯᠡᠵᠦ᠂ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠪᠠ᠃ ᠬᠤᠰᠢᠭᠤᠨ ᠤ ᠤᠳᠤᠷᠢᠳᠤᠯᠭ᠎ᠠ ᠲᠠᠯᠬᠡᠷᠰᠡᠩ᠂ ᠰᠦᠨ ᠯᠢᠶᠠᠨ ᠲᠤᠤ᠂ ᠪᠦ᠋ ᠰᠢᠶᠠᠩ ᠨᠢ᠂ ᠹᠠᠩ ᠾᠦᠢ ᠲᠣᠰ ᠲᠣᠰ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠡᠩᠬᠡ ᠲᠠᠶᠢᠪᠤᠩ ᠴᠠᠭ ᠦᠶ᠎ᠡ ᠲᠠᠢ ᠤᠶᠠᠯᠳᠤᠭᠤᠯᠤᠨ ᠶᠡᠷᠦᠩᠬᠡᠶᠢᠯᠡᠨ ᠦᠨᠡᠯᠡᠪᠡ᠃     ᠭᠦᠸᠧ ᠲᠢᠶᠠᠨ ᠪᠦᠦ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠰᠢᠵᠢᠮ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠦᠢᠯᠡᠴᠢᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ ᠭᠡᠵᠡᠢ᠃     ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠤᠨ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠤᠨ ᠮᠥᠨ᠂ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠨᠢ ᠲᠦᠢᠯ ᠤᠨ ᠴᠢᠬᠤᠯᠠ ᠶᠤᠮ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠢᠯᠠᠩᠭᠤᠶ᠎ᠠ ᠭᠤᠤᠯ ᠬᠠᠷᠢᠭᠤᠴᠠᠯᠭᠠᠲᠠᠨ ᠨᠥᠬᠦᠳ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠬᠠᠮᠤᠭ ᠤᠨ ᠶᠡᠭᠡ ᠠᠵᠢᠯ ᠤᠨ ᠪᠦᠲᠦᠮᠵᠢ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠯᠠᠪᠳᠠᠭᠤᠨ ᠪᠠᠲᠤᠲᠠᠶ ᠠᠳᠬᠤᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ︽ᠨᠠᠮ ᠤᠨ ᠭᠤᠣᠯ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ᠂ ᠨᠠᠮ ᠤᠨ ᠪᠠᠶᠢᠭᠤᠯᠤᠯᠲᠠ ᠶᠢᠨ ᠠᠵᠢᠯ ᠢ ᠲᠡᠨᠳᠡ ᠬᠦᠷᠲᠡᠯ᠎ᠡ ᠳᠠᠭᠠᠵᠤ ᠬᠢᠬᠦ︾ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠪᠠ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠵᠣᠷᠢᠭᠵᠢᠭᠤᠯᠤᠨ ᠳᠠᠶᠢᠴᠢᠯᠠᠵᠤ ᠪᠠᠶᠢᠭᠠᠳ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠠᠳᠬᠤᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠡᠮᠡᠴᠡᠵᠦ ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ ᠵᠢᠯᠣᠭᠤᠳᠴᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃     ᠬᠤᠷᠠᠯ ᠳᠡᠭᠡᠷ᠎ᠡ ᠪᠠᠰᠠ ᠲᠤᠰᠢᠶᠠᠯ ᠤᠨ ᠮᠡᠳᠡᠭᠦᠯᠦᠯᠲᠡ ᠬᠢᠬᠦ ᠳᠤ ᠣᠷᠣᠯᠴᠠᠭᠰᠠᠨ ᠨᠠᠮ ︵ᠠᠵᠢᠯ︶ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠢ ᠠᠷᠠᠳᠴᠢᠯᠠᠯ ᠢᠶᠠᠷ ᠰᠢᠯᠭᠠᠨ ᠦᠨᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号