ᠨᠡᠶᠢᠲᠡᠯᠡᠭᠰᠡᠨ ᠴᠠᠭ᠄ 2024/12/23 | | ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ | ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ | ᠪᠡᠯᠭᠡᠯᠡᠬᠦ ᠠᠵᠢᠯᠯᠠᠭ᠎ᠠ ᠳᠤ ᠣᠷᠤᠯᠴᠠᠬᠤ ᠪᠠᠷ ᠣᠣᠮᠧᠨ ᠳᠤ ᠢᠷᠡᠭᠰᠡᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ |  19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠤ ᠡᠬᠡ ᠤᠯᠤᠰ ᠲᠠᠭᠠᠨ | ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠤᠯᠴᠠᠬᠤ ᠪᠠᠷ ᠣᠣᠮᠧᠨ ᠳᠤ ᠢᠷᠡᠭᠰᠡᠨ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ ᠰᠢ ᠶᠢᠨ ᠫᠢᠩ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠨᠢᠭᠡᠨᠲᠡ ᠰᠢᠨ᠎ᠡ ᠱᠠᠲᠤᠨ ᠳᠤ ᠣᠷᠣᠪᠠ᠃ ᠰᠢᠶᠠᠩᠭᠠᠩ | ᠂ ᠣᠣᠮᠧᠨ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ᠃ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ | ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ ᠭᠡᠵᠦ ᠢᠯᠡᠳᠬᠡᠪᠡ᠃ | | | ᠰᠢ ᠶᠢᠨ ᠫᠢᠩ᠂ ᠤᠯᠤᠰ ᠠᠴᠠ ᠰᠢᠶᠠᠩᠭᠠᠩ ᠳᠤ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠃ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ | ᠯᠠᠪᠳᠠᠭᠤᠨ ᠲᠣᠭᠲᠠᠭᠤᠨ ᠢᠶᠠᠷ ᠵᠠᠰᠠᠭ ᠶᠠᠪᠤᠭᠤᠯᠵᠤ᠂ ᠪᠦᠭᠦ ᠬᠦᠴᠦᠨ ᠢᠶᠠᠷ ᠢᠶᠠᠨ ᠠᠵᠤ ᠠᠬᠤᠢ ᠪᠠᠨ ᠬᠥᠭᠵᠢᠭᠦᠯᠵᠦ᠂ | ᠬᠥᠭᠵᠢᠯᠲᠡ ᠪᠠᠨ ᠲᠥᠯᠥᠪᠵᠢᠭᠦᠯᠵᠦ᠂ ᠰᠢᠶᠠᠩᠭᠠᠩ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠴᠢᠷᠮᠠᠶᠢᠨ ᠡᠭᠦᠳᠬᠦ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠯᠢ ᠵᠢᠶᠠ ᠴᠤᠤ ᠲᠡᠷᠢᠭᠦᠯᠡᠭᠴᠢ ᠰᠢ ᠶᠢᠨ ᠫᠢᠩ ᠤᠨ ᠭᠥᠯᠢᠶᠡᠨ ᠠᠪᠴᠤ ᠠᠭᠤᠯᠵᠠᠭᠰᠠᠨ ᠳᠤ ᠲᠠᠯᠠᠷᠬᠠᠵᠤ᠂ | ᠰᠢᠶᠠᠩᠭᠠᠩ ᠢ ᠴᠢᠷᠮᠠᠶᠢᠨ ᠳᠠᠭᠠᠭᠤᠯᠵᠤ ᠠᠵᠤ ᠠᠬᠤᠢ ᠪᠠᠨ ᠬᠥᠭᠵᠢᠭᠦᠯᠵᠦ᠂ ᠬᠥᠭᠵᠢᠯᠲᠡ ᠪᠠᠨ ᠲᠥᠯᠥᠪᠵᠢᠭᠦᠯᠵᠦ᠂ | ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ | ᠰᠠᠶᠢᠨ ᠠᠭᠤᠰᠤᠯᠴᠠᠨ᠎ᠠ ᠭᠡᠵᠦ ᠢᠯᠡᠳᠬᠡᠪᠡ᠃ | ᠼᠠᠢ ᠴᠢ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |